ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ 2025 ᠣᠨ ᠤ ᠪᠡᠶ᠎ᠡ ᠶᠢᠨ ᠲᠠᠮᠢᠷ ᠭᠤᠸ᠎ᠠ ᠰᠠᠶᠢᠬᠠᠨ ᠤ ᠬᠥᠮᠦᠵᠢᠯ ᠬᠥᠳᠡᠯᠮᠦᠷᠢ ᠬᠢᠭᠡᠳ ᠡᠷᠡᠭᠦᠯ ᠮᠡᠨᠳᠦ ᠶᠢᠨ ᠬᠥᠮᠦᠵᠢᠯ ᠤᠨ ᠠᠵᠢᠯ ᠤᠨ ᠪᠠᠶᠢᠷᠢᠯᠠᠭᠤᠯᠤᠯᠲᠠ ᠵᠢᠴᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠡᠳᠦᠷ ᠪᠦᠷᠢ ᠶᠢᠨ 2 ᠴᠠᠭ ᠤᠨ ᠶᠡᠷᠦᠩᠬᠡᠶᠢᠯᠡᠭᠰᠡᠨ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/20
      3 ᠰᠠᠷ᠎ᠠ ᠶᠢᠨ 19 ᠤ ᠡᠳᠦᠷ᠂ ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ 2025 ᠣᠨ ᠤ ᠪᠡᠶ᠎ᠡ ᠶᠢᠨ ᠲᠠᠮᠢᠷ ᠭᠤᠸ᠎ᠠ ᠰᠠᠶᠢᠬᠠᠨ ᠤ ᠬᠥᠮᠦᠵᠢᠯ ᠬᠥᠳᠡᠯᠮᠦᠷᠢ ᠬᠢᠭᠡᠳ ᠡᠷᠡᠭᠦᠯ ᠮᠡᠨᠳᠦ ᠶᠢᠨ ᠬᠥᠮᠦᠵᠢᠯ ᠤᠨ ᠠᠵᠢᠯ ᠤᠨ ᠪᠠᠶᠢᠷᠢᠯᠠᠭᠤᠯᠤᠯᠲᠠ ᠵᠢᠴᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠡᠳᠦᠷ ᠪᠦᠷᠢ ᠶᠢᠨ 2 ᠴᠠᠭ ᠤᠨ ᠶᠡᠷᠦᠩᠬᠡᠶᠢᠯᠡᠭᠰᠡᠨ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠠᠬᠢᠭᠤᠯᠬᠤ ᠬᠤᠷᠠᠯ ᠬᠤᠷᠠᠯᠳᠤᠭᠤᠯᠪᠠ᠃ ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠪᠴᠢᠶᠠᠨ ᠳᠡᠳ᠋ ᠳᠠᠷᠤᠭ᠎ᠠ ᠰᠦᠨ ᠰᠢᠨ ᠶᠠᠷᠢᠶ᠎ᠠ ᠲᠠᠯᠪᠢᠪᠠ᠃ ᠪᠥᠬᠦ ᠲᠤᠭᠤᠷᠢᠭ ᠤᠨ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠬᠤᠷᠠᠯ ᠳᠤ ᠣᠷᠣᠯᠴᠠᠪᠠ᠃      ᠲᠣᠪᠴᠢᠶᠠᠨ ᠳᠡᠳ᠋ ᠳᠠᠷᠤᠭ᠎ᠠ ᠰᠦᠨ ᠰᠢᠨ ᠶᠠᠷᠢᠶ᠎ᠠ ᠲᠠᠯᠪᠢᠵᠤ᠂ ᠬᠤᠶᠢᠰᠢᠳᠠ ᠶᠢᠨ ᠠᠵᠢᠯ ᠤᠨ ᠴᠢᠭᠯᠡᠯ ᠢ ᠲᠣᠭᠲᠠᠭᠠᠪᠠ᠃ ᠲᠡᠷᠡ ᠭᠤᠤᠯᠳᠠᠯᠭ᠎ᠠ ᠲᠠᠢ ᠬᠤᠶᠠᠷ ᠵᠦᠢᠯ ᠤᠨ ᠵᠠᠩᠭᠢᠯᠠᠭ᠎ᠠ ᠶᠢᠨ ᠡᠭᠦᠷᠭᠡ ᠶᠢ ᠴᠢᠬᠤᠯᠠᠴᠢᠯᠠᠪᠠ᠄ ᠨᠢᠭᠡ ᠳᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠡᠳᠦᠷ ᠪᠦᠷᠢ 2 ᠴᠠᠭ ᠶᠡᠷᠦᠩᠬᠡᠶᠢᠯᠡᠭᠰᠡᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠨᠤᠭᠤᠳ ᠡᠳᠦᠷ ᠪᠦᠷᠢ ᠶᠢᠨ ᠨᠢᠭᠡ ᠬᠡᠰᠡᠭ ᠪᠡᠶ᠎ᠡ ᠶᠢᠨ ᠲᠠᠮᠢᠷ ᠤᠨ ᠬᠢᠴᠢᠶᠡᠯ᠂ ᠡᠳᠦᠷ ᠪᠦᠷᠢ ᠶᠢᠨ ᠦᠳᠡ ᠶᠢᠨ ᠬᠤᠶᠢᠨ᠎ᠠ ᠲᠤᠰ ᠪᠦᠷᠢ 30 ᠮᠢᠨᠦ᠋ᠲ ᠤᠨ ᠨᠡᠷᠡᠨ ᠤ ᠭᠡᠷᠡᠯ ᠤᠨ ᠪᠡᠶ᠎ᠡ ᠶᠢᠨ ᠲᠠᠮᠢᠷ ᠤᠨ ᠶᠡᠭᠡ ᠬᠢᠴᠢᠶᠡᠯ ᠤᠨ ᠲᠠᠰᠤᠭ ᠪᠠ ᠬᠤᠶᠠᠷ ᠤᠳᠠᠭ᠎ᠠ ᠪᠡᠶ᠎ᠡ ᠶᠢᠨ ᠲᠠᠮᠢᠷ ᠤᠨ ᠡᠷᠡᠭᠦᠯᠵᠢᠯ ᠤᠨ ᠲᠠᠮᠢᠷ ᠲᠣᠬᠢᠷᠠᠭᠤᠯᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ 10 ᠠᠴᠠ 15 ᠮᠢᠨᠦ᠋ᠲ ᠤᠨ ᠬᠢᠴᠢᠶᠡᠯ ᠤᠨ ᠵᠠᠪᠰᠠᠷ ᠢ ᠦᠨᠡᠨ ᠬᠦ ᠪᠠᠲᠤᠯᠠᠵᠤ᠂ ᠪᠡᠶ᠎ᠡ ᠶᠢᠨ ᠲᠠᠮᠢᠷ ᠬᠢᠭᠡᠳ ᠡᠷᠡᠭᠦᠯ ᠮᠡᠨᠳᠦ ᠶᠢᠨ ᠬᠥᠮᠦᠵᠢᠯ ᠤᠨ ᠬᠢᠴᠢᠶᠡᠯ ᠢ ᠶᠠᠮᠠᠷᠪᠠ ᠬᠡᠯᠪᠡᠷᠢ ᠪᠠᠷ ᠰᠢᠬᠠᠨ ᠡᠵᠡᠯᠡᠬᠦ ᠶᠢ ᠴᠢᠩᠭ᠎ᠠ ᠴᠠᠭᠠᠵᠠᠯᠠᠨ᠎ᠠ᠃ ᠰᠤᠷᠭᠠᠭᠤᠯᠢ ᠨᠢ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠲᠠᠯᠠᠪᠤᠷ ᠭᠠᠵᠠᠷ᠂ ᠴᠠᠭ ᠬᠤᠭᠤᠴᠠᠭ᠎ᠠ᠂ ᠪᠠᠭᠰᠢ ᠵᠡᠷᠭᠡ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠡᠨᠡ ᠬᠦ ᠠᠵᠢᠯ ᠤᠨ ᠥᠷᠨᠢᠯᠲᠡ ᠶᠢ ᠪᠥᠬᠦ ᠲᠠᠯ᠎ᠠ ᠪᠠᠷ  ᠠᠬᠢᠭᠤᠯᠤᠨ᠎ᠠ᠃ ᠬᠤᠶᠠᠷ ᠲᠤ᠂ ᠤᠯᠤᠰ ᠤᠨ ᠲᠠᠰ ᠤᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠣᠨᠴᠠᠯᠢᠭᠲᠤ ᠰᠤᠷᠭᠠᠭᠤᠯᠢ ᠨᠤᠭᠤᠳ ᠰᠢᠰᠲ᠋ᠧᠮ ᠤᠨ ᠪᠠᠷᠢᠮᠵᠢᠶ᠎ᠠ ᠶᠣᠰᠣᠭᠠᠷ᠂ ᠬᠠᠮᠢᠶᠠᠷᠤᠯᠲᠠ ᠪᠠᠨ ᠴᠢᠩᠭ᠎ᠠ ᠵᠢᠷᠤᠮᠵᠢᠭᠤᠯᠵᠤ᠂ ᠡᠯ᠎ᠡ ᠵᠦᠢᠯ ᠤᠨ ᠳᠦᠷᠢᠮ ᠢᠶᠠᠨ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠥᠯ ᠪᠥᠮᠪᠦᠭᠡ ᠶᠢᠨ ᠣᠨᠴᠠᠯᠢᠭᠲᠤ ᠰᠤᠷᠭᠠᠭᠤᠯᠢ ᠶᠢᠨ ᠬᠥᠮᠦᠨ ᠬᠥᠮᠦᠵᠢᠭᠦᠯᠬᠦ ᠲᠠᠯ᠎ᠠ ᠪᠠᠷ ᠬᠢ ᠳᠠᠪᠠᠭᠤᠯᠢᠭ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠥᠷᠭᠡᠨ ᠣᠯᠠᠨ ᠰᠤᠷᠤᠭᠴᠢᠳ ᠤᠨ ᠬᠥᠯ ᠪᠥᠮᠪᠦᠭᠡ ᠶᠢᠨ ᠬᠥᠳᠡᠯᠭᠡᠭᠡᠨ ᠤ ᠬᠠᠶᠢᠷ᠎ᠠ ᠰᠡᠳᠬᠢᠯᠭᠡ ᠶᠢ ᠲᠠᠰᠤᠷᠠᠯᠲᠠ ᠦᠭᠡᠢ ᠬᠥᠭᠵᠢᠭᠡᠵᠦ᠂ ᠰᠤᠷᠭᠠᠭᠤᠯᠢ ᠶᠢᠨ ᠬᠦᠷᠢᠶᠡᠨ ᠤ ᠪᠡᠶ᠎ᠡ ᠶᠢᠨ ᠲᠠᠮᠢᠷ ᠤᠨ ᠥᠷᠨᠢᠩᠭᠦᠶ ᠬᠥᠭᠵᠢᠯᠲᠡ ᠳᠤ ᠬᠦᠴᠦᠨ ᠨᠡᠮᠡᠷᠢᠯᠡᠨ᠎ᠡ᠃      ᠬᠤᠷᠠᠯ ᠳᠡᠭᠡᠷ᠎ᠡ᠂ ᠪᠡᠶ᠎ᠡ ᠶᠢᠨ ᠲᠠᠮᠢᠷ ᠤᠨ ᠭᠤᠸ᠎ᠠ ᠰᠠᠶᠢᠬᠠᠨ ᠤ ᠬᠥᠮᠦᠵᠢᠯ ᠤᠨ ᠬᠥᠳᠡᠯᠮᠦᠷᠢ ᠬᠢᠭᠡᠳ ᠡᠷᠡᠭᠦᠯ ᠮᠡᠨᠳᠦ ᠶᠢᠨ ᠬᠥᠮᠦᠵᠢᠯ ᠤᠨ ᠲᠠᠰᠤᠭ ᠤᠨ ᠳᠠᠷᠤᠭ᠎ᠠ ᠶᠠᠩ ᠬᠤᠩ ᠸᠧᠶ 2024 ᠣᠨ ᠤ ᠠᠵᠢᠯ ᠢ ᠲᠥᠬᠦᠮ ᠡᠷᠭᠢᠴᠡᠭᠦᠯᠵᠦ᠂ 2025 ᠣᠨ ᠤ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ᠂ ᠬᠥᠳᠡᠯᠮᠦᠷᠢ ᠶᠢᠨ ᠬᠥᠮᠦᠵᠢᠯ᠂ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ᠂ ᠡᠷᠡᠭᠦᠯ ᠬᠠᠮᠠᠭᠠᠯᠠᠯ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ᠂ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠵᠡᠷᠭᠡ ᠭᠤᠤᠯᠳᠠᠯᠭ᠎ᠠ ᠲᠠᠢ ᠠᠵᠢᠯ ᠤᠨ ᠲᠤᠬᠠᠶ ᠪᠥᠬᠦ ᠲᠠᠯ᠎ᠠ ᠶᠢᠨ ᠪᠠᠶᠢᠷᠢᠯᠠᠭᠤᠯᠤᠯᠲᠠ ᠬᠢᠪᠠ᠃ 2024 ᠣᠨ ᠤ ᠴᠢᠩᠱᠠᠨ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠨᠠᠮᠤᠷ ᠤᠨ ᠤᠯᠠᠷᠢᠯ ᠤᠨ ᠬᠠᠷᠠᠭ᠎ᠠ ᠶᠢ ᠰᠢᠭᠰᠢᠨ ᠪᠠᠶᠢᠴᠠᠭᠠᠭᠰᠠᠨ ᠦᠷ᠎ᠡ ᠳ᠋ᠦᠩ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠨᠢᠷᠤᠭᠤᠨ ᠤ ᠬᠠᠵᠠᠭᠤ ᠮᠤᠷᠤᠢ ᠶᠢ ᠰᠢᠭᠰᠢᠨ ᠪᠠᠶᠢᠴᠠᠭᠠᠭᠰᠠᠨ ᠦᠷ᠎ᠡ ᠳ᠋ᠦᠩ ᠢ ᠵᠠᠷᠯᠠᠨ ᠮᠡᠳᠡᠭᠳᠡᠪᠡ᠃ ᠲᠠᠰᠤᠭ ᠤᠨ ᠳᠡᠳ᠋ ᠳᠠᠷᠤᠭ᠎ᠠ 2024 ᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢᠨ ᠦᠷ᠎ᠡ ᠳ᠋ᠦᠩ ᠢ ᠵᠠᠷᠯᠠᠨ ᠮᠡᠳᠡᠭᠳᠡᠪᠡ᠃      ᠲᠣᠰ ᠤᠳᠠᠭᠠᠨ ᠤ ᠬᠤᠷᠠᠯ ᠢ ᠬᠤᠷᠠᠯᠳᠤᠭᠤᠯᠤᠭᠰᠠᠨ ᠨᠢ ᠡᠨᠡ ᠵᠢᠯ ᠤᠨ ᠪᠥᠬᠦ ᠰᠢᠰᠲ᠋ᠧᠮ ᠤᠨ ᠪᠡᠶ᠎ᠡ ᠶᠢᠨ ᠲᠠᠮᠢᠷ ᠭᠤᠸ᠎ᠠ ᠰᠠᠶᠢᠬᠠᠨ ᠤ ᠬᠥᠮᠦᠵᠢᠯ ᠤᠨ ᠬᠥᠳᠡᠯᠮᠦᠷᠢ ᠬᠢᠭᠡᠳ ᠡᠷᠡᠭᠦᠯ ᠮᠡᠨᠳᠦ ᠶᠢᠨ ᠬᠥᠮᠦᠵᠢᠯ ᠤᠨ ᠠᠵᠢᠯ ᠤᠨ ᠴᠢᠭᠯᠡᠯ ᠪᠠ ᠡᠭᠦᠷᠭᠡ ᠶᠢ ᠲᠣᠳᠣᠷᠬᠠᠶᠢᠯᠠᠵᠤ᠂ ᠪᠥᠬᠦ ᠲᠤᠭᠤᠷᠢᠭ ᠤᠨ ᠰᠤᠷᠭᠠᠨ ᠬᠥᠮᠦᠵᠢᠯ ᠤᠨ ᠠᠵᠢᠯᠲᠠᠨ ᠤ ᠬᠠᠮᠲᠤ ᠶᠢᠨ ᠴᠢᠷᠮᠠᠶᠢᠯᠭ᠎ᠠ ᠳᠣᠤᠷ᠎ᠠ᠂ ᠴᠢᠩᠱᠠᠨ ᠲᠣᠭᠤᠷᠢᠭ ᠤᠨ ᠬᠡᠦᠬᠡᠳ ᠤᠳ ᠯᠠᠪᠲᠠᠶ ᠨᠠᠩ ᠡᠷᠡᠭᠦᠯ᠂ ᠠᠮᠢᠵᠢᠷᠠᠯ ᠤᠨ ᠬᠦᠴᠦᠨ᠂ ᠣᠯᠠᠨ ᠡᠰᠢᠲᠦ ᠰᠤᠷᠭᠠᠨ ᠬᠥᠮᠦᠵᠢᠯ ᠤᠨ ᠣᠷᠴᠢᠨ ᠲᠣᠭᠤᠷᠢᠨ ᠳᠤ ᠢᠳᠡᠷᠡᠭᠦᠨ ᠢᠶᠠᠷ ᠦᠰᠦᠨ ᠪᠤᠶᠢᠵᠢᠵᠤ ᠴᠢᠳᠠᠨ᠎ᠠ ᠭᠡᠳᠡᠭ ᠢ ᠢᠲᠡᠭᠡᠵᠦ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号