1— 2 ᠳ᠋ᠤᠭᠠᠷ ᠰᠠᠷ᠎ᠠ ᠳᠤ ᠴᠢᠩᠱᠠᠨ ᠲᠣᠭᠤᠷᠢᠭ ᠤᠨ ᠠᠵᠤ ᠠᠬᠤᠢ ᠲᠣᠭᠲᠠᠭᠤᠨ ᠢᠶᠠᠷ ᠳᠡᠭᠡᠭᠰᠢᠯᠡᠪᠡ
ᠨᠡᠶᠢᠲᠡᠯᠡᠭᠰᠡᠨ ᠴᠠᠭ᠄
2025/3/22
      1— 2 ᠳ᠋ᠤᠭᠠᠷ ᠰᠠᠷ᠎ᠠ ᠳᠤ᠂ ᠴᠢᠩᠱᠠᠨ ᠲᠣᠭᠤᠷᠢᠭ ᠤᠨ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ᠂ ︽3+ 5 +N︾ ᠠᠵᠤ ᠦᠢᠯᠡᠰ ᠤᠨ ᠪᠠᠶᠢᠷᠢᠰᠢᠭᠤᠯᠤᠯᠲᠠ ᠶᠢᠨ ᠲᠣᠭᠤᠷᠢᠨ ᠳᠤ᠂ ᠬᠠᠷᠠᠯᠲᠠ ᠪᠠᠨ ᠲᠣᠭᠲᠠᠭᠠᠵᠤ᠂ ᠴᠢᠩᠭ᠎ᠠ ᠠᠳᠬᠤᠨ ᠲᠦᠷᠭᠡᠨ ᠠᠵᠢᠯᠯᠠᠵᠤ᠂ ᠪᠦᠬᠦ ᠲᠤᠭᠤᠷᠢᠭ ᠤᠨ ᠠᠵᠤ ᠠᠬᠤᠢ ᠶᠢᠨ ᠬᠥᠭᠵᠢᠯᠲᠡ ᠶᠢᠨ ᠤᠶᠠᠨ ᠬᠠᠳᠠᠨ ᠴᠢᠨᠠᠷ ᠢᠯᠡᠷᠡᠵᠡᠢ᠃ ᠡᠭᠦᠨ ᠳᠤ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠡᠬᠢᠯᠡᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠨᠡᠯᠢᠶᠡᠳ ᠲᠦᠷᠭᠡᠨ ᠨᠡᠮᠡᠭᠳᠡᠵᠦ᠂ ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠢᠶᠠᠷ ᠶᠠᠪᠤᠭᠳᠠᠪᠠ᠃      2 ᠳ᠋ᠤᠭᠠᠷ ᠰᠠᠷ᠎ᠠ ᠪᠣᠯᠲᠠᠯ᠎ᠠ᠂ ᠮᠠᠨ ᠤ ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 16%᠎ ᠪᠠᠷ ᠨᠡᠮᠡᠭᠳᠡᠵᠦ᠂ 12 ᠰᠠᠷ᠎ᠠ ᠳᠠᠷᠠᠭᠠᠯᠠᠨ ᠬᠤᠶᠠᠷ ᠣᠷᠣᠨᠲᠤ ᠲᠤᠭ᠎ᠠ ᠶᠢᠨ ᠨᠡᠮᠡᠭᠳᠡᠯ ᠢ ᠪᠠᠲᠤᠯᠠᠪᠠ᠃ ᠡᠭᠦᠨ ᠳᠤ᠂ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 45.6%᠎ ᠪᠠᠷ ᠨᠡᠮᠡᠭᠳᠡᠵᠦ᠂ ᠪᠥᠬᠦ ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ 29.6 ᠵᠠᠭᠤᠨ ᠤ ᠨᠢᠭᠡᠴᠢ ᠪᠣᠯᠪᠠ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 34.7%᠎ ᠪᠠᠷ ᠨᠡᠮᠡᠭᠳᠡᠵᠦ᠂ ᠬᠤᠲᠠ ᠶᠢᠨ ᠲᠠᠪᠤᠨ ᠲᠣᠭᠤᠷᠢᠭ ᠲᠤ ᠨᠢᠭᠡᠳᠦᠭᠡᠷ ᠲᠤ ᠣᠷᠣᠵᠤ᠂ ᠠᠳᠠᠯᠢ ᠬᠤᠭᠤᠴᠠᠭᠠᠨ ᠤ ᠬᠢ ᠠᠴᠠ 11.5 ᠵᠠᠭᠤᠨ ᠤ ᠴᠡᠭ ᠳᠡᠭᠡᠭᠰᠢᠯᠡᠪᠡ᠃ ᠡᠭᠦᠨ ᠳᠤ᠂ ᠬᠤᠶᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ ᠶᠢᠨ ᠨᠡᠮᠡᠭᠳᠡᠯ ᠨᠠᠩ ᠢᠯᠡᠷᠬᠡᠶ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 49.9%᠎ ᠪᠠᠷ ᠨᠡᠮᠡᠭᠳᠡᠨ᠂ ᠪᠥᠬᠦ ᠲᠤᠭᠤᠷᠢᠭ ᠤᠨ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ 15.2 ᠵᠠᠭᠤᠨ ᠤ ᠨᠢᠭᠡᠴᠢ ᠠᠴᠠ ᠲᠦᠷᠭᠡᠨ ᠪᠣᠯᠪᠠ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 39 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.3%᠎ ᠪᠠᠷ ᠨᠡᠮᠡᠭᠳᠡᠪᠡ᠃ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠠᠴᠠ 1 ᠨᠡᠮᠡᠭᠳᠡᠵᠡᠢ᠃ ᠡᠭᠦᠨ ᠳᠤ᠂ ᠬᠡᠷ ᠤᠨ ᠴᠠᠬᠢᠯᠭᠠᠨ ᠬᠡᠷᠡᠭᠰᠡᠯ ᠤᠨ ᠬᠡᠷᠡᠭᠯᠡᠭᠡ ᠠᠳᠠᠯᠢ ᠬᠤᠭᠤᠴᠠᠭᠠᠨ ᠤ ᠬᠢ ᠠᠴᠠ 69.9%᠎ ᠪᠠᠷ ᠨᠡᠮᠡᠭᠳᠡᠵᠦ᠂ ᠪᠥᠬᠦ ᠲᠤᠭᠤᠷᠢᠭ ᠤᠨ ᠬᠢᠵᠠᠭᠠᠷᠯᠠᠭᠰᠠᠨ ᠳᠤᠭ᠎ᠠ ᠠᠴᠠ ᠳᠡᠭᠡᠭᠰᠢᠬᠢ ᠨᠢᠭᠡᠴᠢ ᠶᠢᠨ ᠵᠢᠵᠢᠭᠯᠡᠨ ᠬᠤᠳᠠᠯᠳᠤᠭᠰᠠᠨ ᠲᠤᠭ᠎ᠠ ᠶᠢ 3.6 ᠵᠠᠭᠤᠨ ᠤ ᠨᠢᠭᠡᠴᠢ ᠨᠡᠮᠡᠭᠳᠡᠭᠦᠯᠬᠦ ᠪᠠᠷ ᠳᠠᠶᠢᠴᠢᠯᠠᠪᠠ᠃ ᠳᠠᠷᠠᠭᠠᠴᠢ ᠶᠢᠨ ᠱᠠᠲᠤᠨ ᠳᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠦᠢᠯᠡᠳᠪᠦᠷᠢᠯᠡᠯ ᠢ ᠲᠣᠭᠲᠠᠪᠤᠷᠢᠵᠢᠭᠤᠯᠵᠤ᠂ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠠᠷ ᠬᠦᠴᠦᠯᠡᠵᠦ᠂ ᠠᠵᠤ ᠠᠬᠤᠢ ᠶᠢᠨ ᠬᠥᠭᠵᠢᠯᠲᠡ ᠶᠢᠨ ᠰᠠᠭᠤᠷᠢ ᠶᠢ ᠲᠠᠰᠤᠷᠠᠯᠳᠠ ᠦᠭᠡᠢ ᠪᠠᠬᠢᠵᠢᠭᠦᠯᠵᠦ᠂ ᠪᠦᠬᠦ ᠲᠤᠭᠤᠷᠢᠭ ᠤᠨ ᠠᠵᠤ ᠠᠬᠤᠢ ᠶᠢᠨ ᠠᠩᠬᠠᠨ ᠤ ᠤᠯᠠᠷᠢᠯ ᠳᠤ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号