ᠥᠷᠭᠡᠨ ᠣᠯᠠᠨ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠶᠢᠨ | ᠲᠥᠯᠥᠭᠡ᠂ ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠡᠯᠬᠢᠶᠡᠲᠦ | ᠢᠳᠡᠭᠡᠨ ᠤᠮᠳᠠᠭᠠᠨ ᠤ ᠶᠡᠷᠦᠩᠬᠡᠶ ᠭᠠᠵᠠᠷ᠂ ᠡᠭᠦᠳᠡᠨ ᠳᠡᠯᠭᠡᠭᠦᠷ ᠢ ᠵᠢᠭᠰᠠᠭᠠᠨ ᠪᠠᠶᠢᠴᠠᠭᠠᠬᠤ ᠠᠵᠢᠯᠯᠠᠭ᠎ᠠ ᠶᠢ | ᠦᠷᠭᠦᠯᠵᠢᠯᠡᠨ ᠥᠷᠨᠢᠭᠦᠯᠵᠦ᠂ ︽ᠰᠠᠨᠠᠭ᠎ᠠ ᠠᠮᠤᠷ ᠬᠡᠷᠡᠭᠯᠡᠭᠡ ᠴᠢᠩᠱᠠᠨ ᠳᠤ ᠪᠤᠢ︾ ᠭᠡᠬᠦ ᠨᠠᠷᠠᠲᠤ ᠲᠡᠮᠳᠡᠭᠲᠦ ᠶᠢ ᠰᠠᠬᠢᠨ | ᠬᠠᠮᠠᠭᠠᠯᠠᠪᠠ᠃ | ᠬᠠᠤᠯᠢ ᠬᠡᠷᠡᠭᠵᠢᠭᠦᠯᠬᠦ ᠠᠵᠢᠯᠲᠠᠨ ᠬᠠᠷᠢᠶ᠎ᠠ ᠣᠷᠣᠨ ᠤ ᠳᠣᠲᠣᠷᠠᠬᠢ ᠬᠡᠯᠬᠢᠶᠡᠲᠦ ᠢᠳᠡᠭᠡᠨ ᠤᠮᠳᠠᠭᠠᠨ ᠤ | ᠶᠡᠷᠦᠩᠬᠡᠶ ᠭᠠᠵᠠᠷ ᠪᠣᠯᠤᠨ ᠳᠡᠯᠭᠡᠭᠦᠷ ᠢ ᠬᠢᠨᠠᠮᠠᠭᠠᠶ ᠡᠮᠬᠢᠯᠡᠵᠦ᠂ ᠶᠡᠷᠦᠩᠬᠡᠶ ᠭᠠᠵᠠᠷ ᠤᠨ ᠢᠳᠡᠭᠡᠨ ᠤ ᠠᠮᠤᠷ ᠲᠦᠪᠰᠢᠨ ᠤ | ᠬᠠᠮᠢᠶ᠎ᠠ ᠪᠦᠬᠦᠢ ᠲᠦᠷᠢᠮ ᠪᠣᠯᠤᠨ ᠠᠵᠢᠯᠲᠠᠨ ᠢ ᠵᠣᠬᠢᠶᠠᠨ ᠪᠠᠶᠢᠭᠤᠯᠤᠨ ᠪᠠᠶᠢᠷᠢᠯᠠᠭᠤᠯᠤᠭᠰᠠᠨ ᠪᠠᠶᠢᠳᠠᠯ ᠢ | ᠭᠤᠤᠯᠳᠠᠯᠭ᠎ᠠ ᠲᠠᠢ ᠪᠠᠶᠢᠴᠠᠭᠠᠵᠤ᠂ ᠳᠡᠯᠭᠡᠭᠦᠷ ᠤᠨ ᠡᠵᠡᠩᠨᠡᠯᠲᠡ ᠶᠢᠨ ᠬᠢᠷᠢ ᠬᠡᠮ᠂ ᠲᠠᠯᠠᠪᠤᠷ ᠭᠠᠵᠠᠷ ᠤᠨ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ᠂ ᠠᠵᠢᠯ ᠡᠷᠭᠢᠯᠡᠭᠰᠡᠳ ᠤᠨ ᠡᠷᠡᠭᠦᠯ ᠮᠡᠨᠳᠦ ᠶᠢᠨ ᠬᠠᠮᠢᠶᠠᠷᠤᠯᠲᠠ᠂ ᠢᠳᠡᠭᠡᠨ ᠤ | ᠲᠦᠭᠦᠬᠡᠶ ᠮᠠᠲ᠋ᠧᠷᠢᠶᠠᠯ ᠤᠨ ᠪᠠᠷᠠᠭ᠎ᠠ ᠣᠷᠣᠭᠤᠯᠬᠤ ᠪᠠ ᠭᠡᠷᠡᠴᠢ ᠪᠠᠷᠢᠮᠲᠠ ᠠᠪᠬᠤ᠂ ᠢᠳᠡᠭᠡᠨ ᠤᠮᠳᠠᠭᠠᠨ ᠤ ᠬᠡᠷᠡᠭᠰᠡᠯ ᠢ | ᠤᠬᠢᠶᠠᠵᠤ ᠠᠷᠢᠭᠤᠳᠬᠠᠬᠤ᠂ ᠢᠳᠡᠭᠡᠨ ᠤ ᠲᠦᠭᠦᠬᠡᠶ ᠮᠠᠲ᠋ᠧᠷᠢᠶᠠᠯ ᠬᠠᠳᠠᠭᠠᠯᠠᠬᠤ ᠵᠢᠴᠢ ᠢᠳᠡᠭᠡᠨ ᠤ ᠱᠣᠰᠢᠭ᠎ᠠ ᠲᠡᠮᠳᠡᠭ | ᠲᠠᠯᠪᠢᠬᠤ ᠵᠡᠷᠭᠡ ᠪᠠᠶᠢᠳᠠᠯ ᠢ ᠪᠠᠶᠢᠴᠠᠭᠠᠨ ᠰᠢᠯᠭᠠᠵᠤ᠂ ᠶᠡᠷᠦᠩᠬᠡᠶ ᠭᠠᠵᠠᠷ ᠪᠣᠯᠤᠨ ᠳᠡᠯᠭᠡᠭᠦᠷ ᠫᠦᠰᠡ ᠨᠢ ᠢᠳᠡᠭᠡᠨ ᠤ | ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠢᠳᠡᠭᠡᠨ ᠤ ᠠᠮᠤᠷ | ᠲᠦᠪᠰᠢᠨ ᠤ ᠲᠦᠭᠰᠢᠭᠦᠷᠢ ᠶᠢ ᠴᠠᠭ ᠲᠤᠬᠠᠶ ᠳᠤᠨᠢ ᠰᠡᠷᠭᠡᠶᠢᠯᠡᠵᠦ᠂ ᠠᠷᠠᠳ ᠣᠯᠠᠨ ᠤ ᠢᠳᠡᠭᠡᠨ ᠤᠮᠳᠠᠭᠠᠨ ᠤ ᠠᠮᠤᠷ | ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ | ᠣᠳᠣᠬᠠᠨ ᠪᠣᠯᠲᠠᠯ᠎ᠠ᠂ ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠨᠡᠶᠢᠲᠡ 3 ᠬᠡᠯᠬᠢᠶᠡᠲᠦ ᠢᠳᠡᠭᠡᠨ ᠤᠮᠳᠠᠭᠠᠨ ᠤ ᠶᠡᠷᠦᠩᠬᠡᠶ ᠭᠠᠵᠠᠷ ᠢ ᠪᠠᠶᠢᠴᠠᠭᠠᠵᠤ᠂ 20 ᠳᠡᠯᠭᠡᠭᠦᠷ ᠤᠨ | ᠬᠤᠭᠤᠯᠠ ᠤᠮᠳᠠᠭᠠᠨ ᠤ ᠬᠡᠷᠡᠭᠰᠡᠯ ᠤᠨ ᠭᠠᠳᠠᠷᠭᠤ ᠶᠢᠨ ᠴᠡᠪᠡᠷᠴᠡ ᠶᠢᠨ ᠬᠡᠮᠵᠢᠶ᠎ᠡ ᠶᠢ ᠲᠦᠷᠭᠡᠨ ᠰᠢᠯᠭᠠᠨ ᠪᠠᠶᠢᠴᠠᠭᠠᠬᠤ | ᠠᠵᠢᠯ ᠢ 10 ᠪᠦᠯᠦᠭ ᠤᠳᠠᠭ᠎ᠠ ᠥᠷᠨᠢᠭᠦᠯᠵᠦ᠂ ᠦᠷ᠎ᠡ ᠳ᠋ᠦᠩ ᠨᠢ ᠪᠦᠬᠦᠨ ᠢᠶᠠᠷ ᠢᠶᠠᠨ ᠬᠢᠷᠢ ᠲᠡᠩᠴᠡᠵᠦ᠂ | ᠲᠤᠬᠠᠶ ᠶᠢᠨ ᠲᠠᠯᠠᠪᠤᠷ ᠲᠤ ᠬᠤᠳᠠᠯᠳᠤᠭᠠᠴᠢᠨ ᠡᠷᠦᠬᠡ ᠭᠡᠷᠡᠴᠢ ᠪᠠᠷᠢᠮᠲᠠ ᠠᠪᠤᠭᠰᠠᠨ ᠨᠢ ᠪᠦᠷᠢᠨ ᠪᠤᠰᠤ᠂ ᠢᠳᠡᠭᠡᠨ ᠤ | ᠭᠠᠳᠠᠷ ᠪᠣᠭᠤᠳᠠᠯ ᠠᠪᠤᠭᠰᠠᠨ ᠥᠬᠡᠶ ᠵᠡᠷᠭᠡ ᠠᠰᠠᠭᠤᠳᠠᠯ ᠢ ᠲᠡᠷᠡ ᠳᠠᠷᠤᠶ ᠳᠤᠨᠢ ᠴᠡᠭᠴᠡᠯᠡᠨ ᠰᠠᠶᠢᠵᠢᠷᠠᠭᠤᠯᠬᠤ | ᠬᠡᠷᠡᠭᠲᠡᠶ ᠭᠡᠵᠦ ᠱᠠᠭᠠᠷᠳᠠᠵᠤ᠂ ᠲᠣᠰ ᠤᠳᠠᠭᠠᠨ ᠤ ᠭᠡᠨᠡᠳᠲᠡ ᠶᠢᠨ ᠪᠠᠶᠢᠴᠠᠭᠠᠯᠲᠠ ᠶᠢᠨ ᠠᠵᠢᠯᠯᠠᠭ᠎ᠠ ᠶᠢ 4 ᠳ᠋ᠤᠭᠠᠷ | ᠰᠠᠷ᠎ᠠ ᠪᠣᠯᠲᠠᠯ᠎ᠠ ᠦᠷᠭᠦᠯᠵᠢᠯᠡᠭᠦᠯᠵᠦ᠂ ᠲᠤᠬᠠᠶ ᠶᠢᠨ ᠲᠠᠯᠠᠪᠤᠷ ᠤᠨ ᠪᠠᠶᠢᠴᠠᠭᠠᠯᠲᠠ ᠶᠢᠨ ᠸᠢᠳᠢᠣ᠋ ᠶᠢ ᠮᠠᠨ ᠤ | ᠲᠣᠪᠴᠢᠶ᠎ᠠ ᠶᠢᠨ ᠲᠢᠭ᠋ ᠲᠤᠭ ᠨᠣᠮᠧᠷ ᠢᠶᠠᠷ ᠳᠠᠮᠵᠢᠭᠤᠯᠤᠨ ᠨᠡᠪᠲᠡᠷᠡᠭᠦᠯᠬᠦ ᠪᠣᠯᠤᠨ᠎ᠠ᠃ | | | | | | |