ᠡᠨᠡ ᠵᠢᠯ ᠠᠴᠠ ᠨᠠᠭᠠᠰᠢ᠂ ᠴᠢᠩᠱᠠᠨ ᠲᠣᠭᠤᠷᠢᠭ ᠤᠨ ᠠᠵᠤ ᠠᠬᠤᠶ ᠶᠢ ᠲᠣᠭᠲᠠᠪᠤᠷᠢᠵᠢᠭᠤᠯᠬᠤ᠂ ᠪᠡᠯᠡ | ᠣᠷᠣᠭᠤᠯᠤᠯᠲᠠ ᠶᠢ ᠠᠬᠢᠭᠤᠯᠬᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ | ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠠᠷ ᠭᠠᠷᠳᠠᠴᠠ | ᠪᠣᠯᠭᠠᠵᠤ᠂ ︽ᠬᠤᠶᠠᠷ ᠰᠢᠨ᠎ᠡ︾ ᠤᠳᠤᠷᠢᠳᠤᠮᠵᠢ ᠶᠢ ᠪᠠᠷᠢᠮᠲᠠᠯᠠᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ | ᠠᠬᠢᠭᠤᠯᠵᠤ᠂ ᠪᠦᠬᠦ ᠲᠤᠭᠤᠷᠢᠭ ᠤᠨ ᠲᠦᠷᠦᠯ ᠵᠦᠢᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ | ᠰᠡᠷᠭᠦᠭᠡᠬᠦ ᠳᠤ ᠬᠦᠴᠦᠨ ᠨᠡᠮᠡᠷᠢᠯᠡᠵᠦ᠂ ᠰᠢᠨ᠎ᠡ ᠨᠡᠮᠡᠭᠳᠡᠯ ᠤᠨ ᠬᠡᠮᠵᠢᠶ᠎ᠡ ᠪᠠᠷ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ | ᠪᠤᠵᠠᠭᠠᠶᠢᠷᠠᠭᠤᠯᠵᠤ᠂ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠲᠣᠭᠲᠠᠮᠠᠯ ᠬᠦᠷᠦᠩᠭᠡ ᠶᠢᠨ ᠪᠡᠯᠡ | ᠣᠷᠣᠭᠤᠯᠤᠯᠲᠠ ᠶᠢ ᠲᠣᠭᠲᠠᠭᠤᠨ ᠢᠶᠠᠷ ᠡᠬᠢᠯᠡᠭᠦᠯᠪᠡ᠃ | 1 — 2 ᠳ᠋ᠤᠭᠠᠷ ᠰᠠᠷ᠎ᠠ ᠳᠤ᠂ ᠴᠢᠩᠱᠠᠨ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ | ᠠᠳᠠᠯᠢ ᠬᠤᠭᠤᠴᠠᠭᠠᠨ ᠤ ᠬᠢ ᠠᠴᠠ 34.7% ᠪᠠᠷ ᠨᠡᠮᠡᠭᠳᠡᠵᠦ᠂ ᠳᠡᠭᠡᠷ᠎ᠡ ᠵᠢᠯ ᠤᠨ ᠪᠦᠬᠦ ᠵᠢᠯ ᠤᠨ ᠬᠢ ᠠᠴᠠ 12.9 | ᠵᠠᠭᠤᠨ ᠤ ᠴᠡᠭ ᠲᠦᠷᠭᠡᠨ ᠪᠣᠯᠪᠠ︔ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠡᠯᠡ | ᠣᠷᠣᠭᠤᠯᠤᠯᠲᠠ ᠶᠢ ᠬᠠᠰᠤᠵᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 43% ᠪᠠᠷ ᠨᠡᠮᠡᠭᠳᠡᠪᠡ᠃ ᠠᠵᠤ ᠦᠢᠯᠡᠰ ᠬᠤᠪᠢᠶᠠᠵᠤ ᠦᠵᠡᠪᠡᠯ᠂ ᠬᠤᠶᠠᠳᠤᠭᠠᠷ ᠠᠵᠤ | ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 49.9% ᠪᠠᠷ ᠨᠡᠮᠡᠭᠳᠡᠵᠦ᠂ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢᠨ ᠶᠡᠷᠦᠩᠬᠡᠢ ᠬᠡᠮᠵᠢᠶᠡᠨ ᠤ 89.2% ᠢ ᠡᠵᠡᠯᠡᠵᠦ᠂ ᠳᠡᠭᠡᠷ᠎ᠡ ᠵᠢᠯ ᠤᠨ | ᠠᠳᠠᠯᠢ ᠬᠤᠭᠤᠴᠠᠭᠠᠨ ᠤ ᠬᠢ ᠠᠴᠠ 9.1 ᠵᠠᠭᠤᠨ ᠤ ᠴᠡᠭ ᠳᠡᠭᠡᠭᠰᠢᠯᠡᠪᠡ︔ ᠭᠤᠷᠪᠠᠳᠤᠭᠠᠷ ᠠᠵᠤ ᠦᠢᠯᠡᠰ ᠤᠨ ᠪᠡᠯᠡ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 26.7% ᠪᠠᠷ ᠪᠠᠭᠤᠷᠠᠵᠤ᠂ ᠪᠦᠬᠦ ᠪᠡᠯᠡ ᠣᠷᠣᠭᠤᠯᠤᠯᠲᠠ ᠶᠢᠨ | 10.8% ᠶᠢ ᠡᠵᠡᠯᠡᠪᠡ᠃ ᠬᠦᠷᠢᠶ᠎ᠡ ᠴᠠᠷᠠᠭ᠎ᠠ ᠬᠤᠪᠢᠶᠠᠵᠤ ᠦᠵᠡᠪᠡᠯ᠂ ᠦᠢᠯᠡᠳᠬᠦ ᠦᠢᠯᠡᠰ ᠤᠨ ᠨᠡᠮᠡᠭᠳᠡᠯ ᠤᠨ | ᠬᠤᠷᠳᠤᠴᠠ ᠲᠦᠷᠭᠡᠳᠴᠦ᠂ ᠠᠳᠠᠯᠢ ᠬᠤᠭᠤᠴᠠᠭᠠᠨ ᠤ ᠬᠢ ᠠᠴᠠ 48.1% ᠪᠠᠷ ᠨᠡᠮᠡᠭᠳᠡᠨ᠂ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ 35.2 ᠵᠠᠭᠤᠨ ᠤ ᠴᠡᠭ ᠳᠡᠭᠡᠭᠰᠢᠯᠡᠵᠦ᠂ ᠪᠥᠬᠦ ᠪᠠᠯᠠ ᠣᠷᠣᠭᠤᠯᠤᠯᠲᠠ ᠳᠤ ᠬᠤᠪᠢ ᠨᠡᠮᠡᠷᠢ | ᠦᠵᠡᠭᠦᠯᠦᠭᠰᠡᠨ ᠨᠣᠷᠮ᠎ᠠ ᠨᠢ 111.1% ᠳᠤ ᠬᠦᠷᠴᠡᠶ᠃ ᠳᠡᠭᠡᠳᠦ ᠮᠡᠷᠭᠡᠵᠢᠯ ᠤᠨ ᠠᠵᠤ ᠦᠢᠯᠡᠰ ᠤᠨ ᠬᠥᠭᠵᠢᠯᠲᠡ | ᠲᠦᠷᠭᠡᠳᠪᠡ᠃ ᠴᠢᠩᠱᠠᠨ ᠲᠣᠭᠤᠷᠢᠭ ᠠᠵᠤ ᠦᠢᠯᠡᠰ ᠤᠨ ᠰᠢᠨᠡᠴᠢᠯᠡᠯᠲᠡ ᠳᠤ ᠦᠷᠭᠦᠯᠵᠢᠯᠡᠨ ᠠᠩᠬᠠᠷᠤᠯ ᠢᠶᠠᠨ | ᠲᠥᠪᠯᠡᠷᠡᠭᠦᠯᠵᠦ᠂ ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 2.7 ᠲᠠᠬᠢᠨ ᠨᠡᠮᠡᠭᠳᠡᠵᠦ᠂ ᠲᠤᠰ ᠲᠤᠰ ᠨᠢᠳᠤᠨᠤᠨ ᠤ ᠵᠢᠯ ᠤᠨ ᠡᠴᠦᠰ᠂ ᠨᠢᠳᠤᠨᠤᠨ ᠤ | ᠠᠳᠠᠯᠢ ᠬᠤᠭᠤᠴᠠᠭᠠᠨ ᠤ ᠬᠢ ᠠᠴᠠ 147.3᠂ 110.7 ᠵᠠᠭᠤᠨ ᠤ ᠨᠢᠭᠡᠴᠢ ᠳᠡᠭᠡᠭᠰᠢᠯᠡᠵᠦ᠂ ᠰᠢᠨ᠎ᠡ | ᠬᠥᠭᠵᠢᠯᠲᠡ ᠶᠢᠨ ᠬᠥᠳᠡᠯᠭᠡᠬᠦ ᠬᠦᠴᠦᠨ ᠲᠠᠰᠤᠷᠠᠯᠳᠠ ᠦᠭᠡᠢ ᠬᠤᠷᠠᠮᠳᠤᠭᠤᠯᠪᠠ᠃ ᠠᠷᠠᠳ ᠤᠨ ᠪᠡᠯᠡ | ᠤᠷᠤᠭᠤᠯᠤᠯᠲᠠ ᠶᠢᠨ ᠲᠤᠯᠭᠠᠭᠤᠷᠢ ᠢᠯᠡᠷᠬᠡᠶ᠃ ᠠᠷᠠᠳ ᠤᠨ ᠳᠤᠮᠳᠠᠬᠢ ᠪᠡᠯᠡ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 39% ᠪᠠᠷ ᠨᠡᠮᠡᠭᠳᠡᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠡᠯᠡ | ᠣᠷᠣᠭᠤᠯᠤᠯᠲᠠ ᠶᠢ ᠬᠠᠰᠤᠵᠤ᠂ ᠠᠷᠠᠳ ᠤᠨ ᠳᠤᠮᠳᠠᠬᠢ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ | 46% ᠪᠠᠷ ᠨᠡᠮᠡᠭᠳᠡᠪᠡ᠃ ᠡᠭᠦᠨ ᠳᠤ ᠠᠵᠤ ᠦᠢᠯᠡᠳᠪᠦᠷᠢ ᠠᠷᠠᠳ ᠤᠨ ᠪᠡᠯᠡ ᠣᠷᠣᠭᠤᠯᠤᠯᠲᠠ 43.7% ᠨᠡᠮᠡᠭᠳᠡᠪᠡ᠃ | | | | | | | |