ᠳ᠋ᠢᠩ ᠺᠠᠶ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠲᠤᠭᠤᠷᠢᠭ ᠤᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/24
      3 ᠰᠠᠷ᠎ᠠ ᠶᠢᠨ 22 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠲᠣᠭᠤᠷᠢᠭ ᠤᠨ ᠬᠤᠷᠢᠶᠠᠨ ᠤ ᠱᠦᠵᠢ ᠳ᠋ᠢᠩ ᠺᠠᠶ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠲᠤᠭᠤᠷᠢᠭ ᠤᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ︽ᠬᠤᠶᠠᠷ ᠬᠤᠷᠠᠯ︾ ᠤᠨ ᠬᠤᠯᠪᠣᠭᠳᠠᠯ ᠪᠦᠬᠦᠢ ᠪᠦᠯᠬᠦᠮ ᠳᠤᠭᠤᠶᠢᠯᠠᠩ ᠤᠨ ᠬᠤᠷᠠᠯ ᠪᠣᠯᠤᠨ ᠶᠦᠨᠨᠠᠨ᠂ ᠭᠦᠢᠵᠧᠦ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠭᠠᠷᠳᠠᠮ ᠢ ᠭᠦᠢᠴᠡᠳᠬᠡᠬᠦ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ᠂ ᠬᠡᠷᠡᠭᠯᠡᠭᠡ ᠶᠢ ᠬᠥᠭᠵᠢᠭᠡᠬᠦ᠂ ︽ᠭᠤᠷᠪᠠᠨ ᠥᠨᠳᠦᠷᠯᠢᠭ︾ ᠤᠨ ᠪᠦᠳᠦᠭᠡᠨ ᠪᠠᠶᠢᠭᠤᠯᠤᠯᠲᠠ ᠵᠡᠷᠭᠡ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠴᠢᠨᠠᠷ ᠰᠠᠶᠢᠲᠠᠢ ᠰᠠᠶᠢᠲᠤᠷ ᠠᠳᠬᠤᠵᠤ᠂ ᠰᠤᠷᠤᠯᠴᠠᠭᠰᠠᠨ ᠦᠷ᠎ᠡ ᠪᠦᠲᠦᠭᠡᠯ ᠢᠶᠠᠨ ᠪᠦᠬᠦ ᠣᠷᠣᠨ ᠤ ᠲᠡᠷᠢᠭᠦᠨ ᠳᠤ ᠣᠷᠣᠬᠤ ᠪᠠᠷ ᠴᠢᠷᠮᠠᠶᠢᠬᠤ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ ᠰᠢᠨ᠎ᠡ ᠪᠠᠷ ᠮᠠᠨᠳᠤᠭᠰᠠᠨ ᠬᠦᠷᠢᠶᠡᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠶᠠᠷᠢᠯᠴᠠᠬᠤ ᠬᠤᠷᠠᠯ ᠪᠣᠯᠤᠨ ᠪᠦᠬᠦ ᠤᠯᠤᠰ᠂ ᠪᠦᠬᠦ ᠣᠷᠣᠨ ᠤ ᠨᠡᠶᠢᠭᠡᠮ ᠤᠨ ᠠᠵᠢᠯ ᠤᠨ ᠬᠡᠯᠲᠡᠰ ᠤᠨ ᠳᠠᠷᠤᠭ᠎ᠠ ᠨᠠᠷ ᠤᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠠᠮ ᠤᠨ ᠨᠡᠶᠢᠭᠡᠮ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠶᠢ ᠨᠡᠩ ᠲᠤᠪᠤᠶᠢᠮ᠎ᠠ ᠪᠠᠶᠢᠷᠢᠨ ᠳᠤ ᠲᠠᠯᠪᠢᠵᠤ᠂ ᠰᠢᠨ᠎ᠡ ᠪᠠᠷ ᠮᠠᠨᠳᠤᠭᠰᠠᠨ ᠬᠦᠷᠢᠶᠡᠨ ᠤ ᠨᠠᠮ ᠤᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠣᠷᠵᠢᠭᠤᠯᠤᠭᠰᠠᠨ ᠬᠠᠮᠢᠶᠠᠷᠤᠯᠲᠠ ᠶᠢ ᠨᠠᠷᠢᠯᠢᠭ ᠪᠣᠳᠠᠲᠠᠢ ᠬᠢᠵᠦ᠂ ᠳᠠᠷᠤᠭᠠᠰᠤ ᠶᠢ ᠬᠥᠩᠭᠡᠷᠡᠭᠦᠯᠵᠦ ᠡᠨᠧᠷᠭᠢ ᠣᠯᠭᠤᠬᠤ ᠶᠢ ᠨᠢᠭᠡ ᠴᠤᠬᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠠᠶᠢᠯᠴᠢᠯᠠᠨ ᠰᠤᠷᠪᠤᠯᠵᠢᠯᠠᠬᠤ ᠠᠵᠢᠯ ᠢ ᠪᠠᠶᠢᠩᠭᠤᠵᠢᠭᠤᠯᠤᠨ ᠰᠠᠶᠢᠲᠤᠷ ᠬᠢᠵᠦ᠂ ᠮᠠᠨ ᠤ ᠲᠤᠭᠤᠷᠢᠭ ᠤᠨ ᠨᠡᠶᠢᠭᠡᠮ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠲᠤᠭᠤᠷᠢᠭ ᠤᠨ ᠣᠶᠢᠷ᠎ᠠ ᠶᠢᠨ ᠬᠤᠭᠤᠴᠠᠭᠠᠨ ᠤ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠦᠨ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠡᠯ᠎ᠡ ᠨᠢᠭᠡᠴᠢ ᠶᠢᠨ ︽ᠨᠢᠭᠡᠳᠦᠭᠡᠷ ᠬᠠᠷᠢᠭᠤᠴᠠᠯᠭᠠᠲᠠᠨ︾᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠭᠤᠤᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠡᠷᠴᠢᠮ ᠢᠶᠠᠨ ᠰᠤᠯᠠᠷᠠᠭᠤᠯᠬᠤ ᠥᠬᠡᠶ᠂ ᠪᠠᠷᠢᠮᠵᠢᠶ᠎ᠠ ᠪᠠᠨ ᠰᠤᠯᠠᠷᠠᠭᠤᠯᠬᠤ ᠥᠬᠡᠶ᠂ ᠪᠠᠷᠢᠮᠵᠢᠶ᠎ᠠ ᠪᠠᠨ ᠪᠠᠭᠤᠷᠠᠭᠤᠯᠬᠤ ᠥᠬᠡᠶ ᠪᠠᠶᠢᠬᠤ ᠶᠢ ᠡᠷᠡᠰ ᠪᠡᠶᠡᠯᠡᠭᠦᠯᠵᠦ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠨᠠᠷᠢᠯᠢᠭ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠳᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠵᠢᠴᠢ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠰᠤᠳᠤᠯᠤᠨ ᠬᠢᠨᠠᠨ ᠵᠥᠪᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠬᠠᠷᠠᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠣᠨᠣᠪᠴᠢᠲᠠᠢ ᠡᠵᠡᠮᠳᠡᠵᠦ᠂ ᠰᠤᠷᠤᠯᠴᠠᠵᠤ ᠰᠤᠳᠤᠯᠤᠨ ᠶᠠᠷᠢᠯᠴᠠᠬᠤ᠂ ᠠᠰᠠᠭᠤᠳᠠᠯ ᠢ ᠪᠠᠶᠢᠴᠠᠭᠠᠨ ᠳᠡᠯᠭᠡᠬᠦ᠂ ᠲᠥᠪᠯᠡᠷᠡᠭᠦᠯᠦᠨ ᠴᠡᠭᠴᠡᠯᠡᠨ ᠵᠠᠰᠠᠬᠤ ᠵᠡᠷᠭᠡ ᠡᠯ᠎ᠡ ᠭᠤᠭᠴᠤᠭ᠎ᠠ ᠶᠢᠨ ᠠᠵᠢᠯ ᠢ ᠪᠣᠳᠠᠲᠠᠢ ᠠᠳᠬᠤᠵᠤ᠂ ᠪᠦᠬᠦ ᠲᠤᠭᠤᠷᠢᠭ ᠤᠨ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠲᠥᠪ ᠤᠨ ᠨᠠᠢᠮᠠᠨ ᠲᠣᠭᠲᠠᠭᠠᠯ ᠢ ᠴᠥᠬᠦᠷᠡᠰᠢ ᠦᠭᠡᠢ ᠲᠤᠭᠤᠰᠢᠯᠠᠭᠤᠯᠵᠤ᠂ ᠪᠦᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠬᠦᠴᠦᠲᠡᠢ ᠰᠤᠷᠲᠠᠯ ᠤᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠥᠬᠦ ᠲᠤᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠭᠤᠤᠯᠳᠠᠯᠭ᠎ᠠ ᠲᠠᠢ ᠠᠰᠠᠭᠤᠳᠠᠯ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠦᠵᠡᠯ ᠰᠠᠨᠠᠭᠠᠨ ᠤ ᠲᠠᠯ᠎ᠠ ᠪᠠᠷ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠣᠨᠣᠪᠴᠢᠲᠠᠶ ᠤᠶᠢᠯᠠᠭᠠᠨ ᠡᠵᠡᠮᠳᠡᠵᠦ᠂ ︽ᠰᠢᠢᠳᠪᠤᠷᠢᠯᠡᠬᠦ ᠰᠡᠳᠬᠢᠬᠦᠶ︾ ᠪᠠᠷ ᠬᠦᠴᠢᠷ ᠲᠦᠪᠡᠭᠲᠡᠶ ᠠᠰᠠᠭᠤᠳᠠᠯ ᠢ ᠪᠥᠬᠦ ᠬᠦᠴᠦᠨ ᠢᠶᠠᠷ ᠢᠶᠠᠨ ᠨᠡᠪᠲᠡᠷᠡᠭᠦᠯᠵᠦ᠂ ᠠᠰᠠᠭᠤᠳᠠᠯ ᠨᠢᠭᠡᠪᠦᠷᠢ ᠶᠢ ᠴᠡᠭᠴᠡᠯᠡᠨ ᠰᠠᠶᠢᠵᠢᠷᠠᠭᠤᠯᠬᠤ ᠶᠢ ᠡᠷᠡᠰ ᠪᠣᠳᠠᠲᠠᠶ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ︽ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠨᠢᠭᠡᠳᠦᠮᠡᠯ ᠹᠷᠣᠨᠲ ᠤᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠲᠣᠭᠲᠠᠭᠠᠯ︾ ᠢ ᠤᠯᠠᠮᠵᠢᠯᠠᠨ ᠰᠤᠷᠤᠯᠴᠠᠵᠤ᠂ ︽ᠲᠤᠭᠤᠷᠢᠭ ᠤᠨ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠨᠢᠭᠡᠳᠦᠮᠡᠯ ᠹᠷᠣᠨᠲ ᠤᠨ ᠠᠵᠢᠯ ᠤᠨ ᠲᠤᠰᠬᠠᠶ ᠳᠤᠭᠤᠶᠢᠯᠠᠩ ᠤᠨ 2025 ᠣᠨ ᠤ ᠠᠵᠢᠯ ᠤᠨ ᠭᠤᠤᠯᠳᠠᠯᠭ᠎ᠠ︾ ᠶᠢ ᠰᠤᠳᠤᠯᠤᠨ ᠬᠢᠨᠠᠨ ᠵᠥᠪᠯᠡᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠰᠠᠶᠢᠲᠤᠷ ᠪᠠᠬᠢᠵᠢᠭᠦᠯᠵᠦ᠂ ᠡᠯ᠎ᠡ ᠵᠦᠢᠯ ᠤᠨ ᠠᠵᠢᠯ ᠳᠤ ᠦᠷ᠎ᠡ ᠪᠦᠲᠦᠭᠡᠯ ᠭᠠᠷᠭᠠᠬᠤ᠂ ᠲᠤᠷᠰᠢᠯᠭ᠎ᠠ ᠭᠠᠷᠭᠠᠬᠤ᠂ ᠬᠢᠯᠠᠰ ᠴᠡᠭ ᠭᠠᠷᠭᠠᠬᠤ ᠶᠢ ᠠᠬᠢᠭᠤᠯᠬᠤ ᠬᠡᠷᠡᠭᠲᠡᠶ᠃ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠵᠦ᠂ ᠤᠳᠤᠷᠢᠳᠬᠤ ᠺᠠᠳ᠋ᠷ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ᠂ ᠬᠤᠳᠠᠯᠳᠤᠭᠠᠴᠢᠳ ᠤᠨ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠲᠦᠷᠢᠮ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠳᠠᠪᠠᠭᠤᠯᠢᠭ ᠤᠨᠴᠠᠯᠢᠬᠳᠤ ᠠᠵᠤ ᠦᠢᠯᠡᠰ ᠤᠨ ᠲᠣᠭᠤᠷᠢᠨ ᠳᠤ᠂ ᠪᠦᠬᠦ ᠤᠯᠤᠰ ᠤᠨ ᠡᠯ᠎ᠡ ᠭᠠᠵᠠᠷ ᠤᠨ ᠬᠤᠯᠪᠣᠭᠳᠠᠯ ᠪᠦᠬᠦᠢ ᠬᠤᠳᠠᠯᠳᠤᠭᠠᠨ ᠤ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠪᠣᠯᠤᠨ ᠳᠠᠯᠳᠠ ᠪᠠᠶᠢᠭ᠎ᠠ ᠬᠠᠷᠠᠯᠲᠠᠲᠤ ᠠᠵᠤ ᠠᠬᠤᠶᠢᠯᠠᠯ ᠲᠠᠢ ᠢᠳᠡᠪᠬᠢᠲᠡᠢ ᠵᠣᠯᠭᠠᠭᠤᠯᠵᠤ᠂ ᠨᠢᠭᠡ ᠪᠦᠯᠦᠭ ᠠᠵᠤ ᠦᠢᠯᠡᠰ ᠤᠨ ᠲᠦᠷᠦᠯ ᠤᠨ ᠲᠦᠷᠦᠯ ᠵᠦᠢᠯ ᠢ ᠣᠷᠣᠭᠤᠯᠤᠨ ᠠᠪᠴᠢᠷᠠᠵᠤ ᠬᠡᠷᠡᠭᠵᠢᠭᠦᠯᠬᠦ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ︽ᠴᠢᠩᠱᠠᠨ ᠲᠣᠭᠤᠷᠢᠭ ᠤᠨ 2025 ᠣᠨ ᠤ ᠲᠥᠷᠥ ᠶᠢᠨ ᠨᠠᠮ ᠤᠨ ᠵᠥᠪᠯᠡᠬᠦ ᠲᠥᠯᠥᠪᠯᠡᠭᠡ︾ ᠶᠢ ᠰᠤᠳᠤᠯᠤᠨ ᠬᠢᠨᠠᠨ ᠵᠥᠪᠯᠡᠵᠦ᠂ ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯᠤᠨ ᠨᠠᠮ ᠪᠦᠯᠦᠭ ᠤᠨ ᠪᠤᠰᠤ ᠬᠥᠮᠦᠰ ᠤᠨ ᠭᠤᠤᠯ ᠪᠣᠯᠬᠤ ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠥᠷᠨᠢᠭᠦᠯᠬᠦ ᠶᠢ ᠢᠳᠡᠪᠬᠢᠲᠡᠶ ᠬᠥᠲᠥᠯᠥᠨ ᠵᠢᠯᠣᠭᠤᠳᠴᠤ᠂ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠣᠶᠤᠨ ᠤᠬᠠᠭᠠᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠬᠤ᠂ ᠠᠵᠢᠯ ᠤᠨ ᠬᠠᠷᠢᠯᠴᠠᠬᠤ᠂ ᠰᠢᠮᠳᠠᠭᠤᠯᠤᠨ ᠰᠢᠢᠳᠪᠦᠷᠢᠯᠡᠭᠦᠯᠵᠦ ᠬᠠᠷᠢᠭᠤ ᠲᠤᠰᠬᠠᠬᠤ ᠵᠡᠷᠭᠡ ᠲᠣᠭᠲᠠᠴᠠ ᠪᠠᠨ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠥᠷᠥ ᠶᠢᠨ ᠨᠠᠮ ᠤᠨ ᠵᠥᠪᠯᠡᠬᠦ ᠡᠯ᠎ᠡ ᠵᠦᠢᠯ ᠤᠨ ᠦᠷ᠎ᠡ ᠪᠦᠲᠦᠭᠡᠯ ᠢ ᠪᠦᠲᠦᠮᠵᠢᠲᠡᠶ ᠬᠤᠪᠢᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠳᠠ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠤᠢᠢᠷ᠎ᠠ ᠶᠢᠨ ᠬᠤᠭᠤᠴᠠᠭᠠᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠤᠳᠤᠷᠢᠳᠬᠤ ᠺᠠᠳ᠋ᠷ ᠤᠨ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠤᠭᠰᠠᠨ ᠬᠡᠷᠡᠭ ᠢ ᠳᠠᠭᠠᠭᠠᠴᠢᠯᠠᠬᠤ ᠵᠡᠷᠭᠡ ᠠᠵᠢᠯ ᠤᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠡᠬᠢ ᠡᠭᠦᠰᠦᠯ ᠠᠴᠠ ᠨᠢ ᠵᠠᠰᠠᠬᠤ ᠶᠢ ᠰᠠᠶᠢᠲᠤᠷ ᠠᠳᠬᠤᠵᠤ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠤᠨ ᠪᠣᠭᠤᠮᠲᠠ ᠰᠢᠪᠲᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠡᠯ᠎ᠡ ᠲᠦᠷᠦᠯ ᠤᠨ ᠵᠥᠷᠢᠴᠡᠯ ᠵᠢᠭᠤᠷᠠᠯᠳᠤᠭᠠᠨ ᠪᠣᠯᠤᠨ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠦᠨᠳᠦᠰᠦᠨ ᠱᠠᠲᠤᠨ ᠳᠤ ᠰᠢᠢᠳᠪᠦᠷᠢᠯᠡᠵᠦ᠂ ᠴᠤᠬᠤᠶᠢᠵᠤ ᠪᠠᠶᠢᠭ᠎ᠠ ᠪᠠᠶᠢᠳᠠᠯ ᠳᠤᠨᠢ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃   
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号