ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡ ᠠᠷᠠᠳ ᠤᠨ ᠵᠤᠪᠠᠨᠢᠯ ᠢ ᠰᠢᠢᠳᠪᠦᠷᠢᠯᠡᠪᠡ
ᠨᠡᠶᠢᠲᠡᠯᠡᠭᠰᠡᠨ ᠴᠠᠭ᠄
2025/3/25
      ᠣᠶᠢᠷ᠎ᠠ ᠳᠤ᠂ ᠹᠦ᠋ ᠶᠤᠸᠠᠨ ᠨᠡᠶᠢᠭᠡᠮ ᠲᠣᠭᠤᠷᠢᠭ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠥᠭᠡᠷᠡᠴᠢᠯᠡᠯᠲᠡ ᠶᠢ ᠢᠳᠡᠪᠬᠢᠲᠡᠶ ᠠᠬᠢᠭᠤᠯᠵᠤ᠂ ᠦᠢᠯᠡᠴᠢᠯᠡᠭᠡᠨ ᠤ ᠶᠠᠪᠤᠴᠠ ᠶᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠨᠠᠩ ᠳᠥᠭᠦᠮ ᠳᠥᠲᠡ᠂ ᠥᠨᠳᠥᠷ ᠪᠦᠲᠦᠮᠵᠢᠲᠡᠶ ᠠᠵᠢᠯ ᠶᠠᠪᠤᠳᠠᠯ ᠭᠦᠢᠴᠡᠳᠭᠡᠬᠦ ᠣᠶᠢᠯᠠᠭᠠᠯᠲᠠ ᠶᠢ ᠠᠪᠴᠢᠷᠠᠭᠰᠠᠨ ᠪᠠᠶᠢᠨ᠎ᠠ᠃      ᠨᠡᠶᠢᠭᠡᠮ ᠤᠨ ᠪᠠᠲᠤᠯᠠᠭ᠎ᠠ ᠶᠢᠨ ᠲᠠᠯ᠎ᠠ ᠪᠠᠷ᠂ ᠨᠡᠶᠢᠭᠡᠮ ᠲᠣᠭᠤᠷᠢᠭ ᠤᠨ ᠠᠵᠢᠯᠲᠠᠳ ᠰᠠᠭᠤᠭᠠᠯᠢ ᠠᠷᠠᠳ ᠲᠤ ᠨᠠᠰᠤᠵᠢᠯ ᠤᠨ ᠠᠰᠠᠷᠠᠮᠵᠢ ᠶᠢᠨ ᠡᠮᠴᠢᠯᠡᠭᠡᠨ ᠤ ᠲᠤᠬᠠᠶᠢᠯᠠᠭᠰᠠᠨ ᠠᠵᠢᠯ ᠢ ᠬᠦᠯᠢᠴᠡᠩᠭᠦᠶ ᠪᠠᠷ ᠭᠦᠢᠴᠡᠳᠭᠡᠬᠦ ᠶᠢᠨ ᠬᠠᠮᠲᠤ ᠰᠠᠭᠤᠭᠠᠯᠢ ᠠᠷᠠᠳ ᠤᠨ ᠡᠮᠨᠡᠯᠭᠡ ᠳᠤ ᠰᠠᠭᠤᠵᠤ ᠲᠠᠩᠰᠠ ᠲᠠᠶᠢᠯᠬᠤ ᠵᠢᠴᠢ ᠥᠨᠳᠥᠷ ᠨᠠᠰᠤᠨ ᠤ ᠨᠡᠮᠡᠭᠦᠷᠢ ᠶᠢ ᠬᠡᠷᠬᠢᠨ ᠭᠦᠢᠴᠡᠳᠭᠡᠬᠦ ᠵᠡᠷᠭᠡ ᠮᠠᠳᠠᠭ ᠲᠠᠢ ᠠᠰᠠᠭᠤᠯᠲᠠ ᠳᠤ ᠨᠠᠷᠢᠨ ᠬᠠᠷᠢᠭᠤᠯᠲᠠ ᠥᠭᠪᠡ᠃ ᠨᠥᠬᠦᠴᠡᠯ ᠳᠤ ᠨᠡᠶᠢᠴᠡᠬᠦ ᠬᠦᠴᠢᠷᠳᠡᠯᠲᠡᠶ ᠭᠡᠷ ᠪᠦᠯᠢ ᠳᠤ᠂ ᠨᠡᠶᠢᠭᠡᠮ ᠲᠣᠭᠤᠷᠢᠭ ᠨᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠪᠣᠯᠤᠨ ᠲᠦᠷ ᠴᠠᠭ ᠤᠨ ᠠᠪᠤᠷᠠᠨ ᠲᠤᠰᠠᠯᠠᠬᠤ ᠪᠠᠷ ᠴᠠᠭ ᠲᠤᠬᠠᠶ ᠳᠤᠨᠢ ᠬᠠᠮᠵᠢᠨ ᠭᠤᠶᠤᠴᠢᠯᠠᠵᠤ᠂ ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠨᠢ ᠪᠠᠲᠤᠯᠠᠭ᠎ᠠ ᠣᠯᠬᠤ ᠶᠢ ᠦᠨᠡᠨᠬᠦ ᠪᠠᠲᠤᠯᠠᠵᠠᠢ᠃ ᠲᠥᠯᠥᠪᠯᠡᠭᠡᠲᠦ ᠦᠷᠡᠵᠢᠯ ᠤᠨ ᠦᠢᠯᠡᠴᠢᠯᠡᠭᠡ ᠴᠤ ᠨᠡᠶᠢᠭᠡᠮ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠳᠤ ᠴᠢᠬᠤᠯᠠ ᠪᠠᠶᠢᠷᠢ ᠰᠠᠭᠤᠷᠢ ᠶᠢ ᠡᠵᠡᠯᠡᠵᠦ ᠪᠤᠶ᠃ ᠨᠡᠶᠢᠭᠡᠮ ᠲᠣᠭᠤᠷᠢᠭ ᠠᠴᠠ ᠲᠥᠷᠥ ᠶᠢᠨ ᠪᠣᠳᠣᠯᠭ᠎ᠠ ᠳᠤ ᠨᠡᠶᠢᠴᠡᠬᠦ ᠡᠷ᠎ᠡ ᠡᠮ᠎ᠡ ᠬᠤᠶᠠᠭᠤᠯᠠ ᠶᠢᠨ ᠬᠥᠩᠭᠡᠵᠢᠯ ᠤᠨ ᠦᠢᠯᠡᠴᠢᠯᠡᠭᠡᠨ ᠤ ᠳᠠᠩᠰᠠᠯᠠᠯᠲᠠ ᠬᠢᠬᠦ ᠶᠢᠨ ᠬᠠᠮᠲᠤ ᠬᠠᠮᠤᠭ ᠤᠨ ᠰᠢᠨ᠎ᠡ ᠦᠷᠡᠵᠢᠯ ᠤᠨ ᠲᠥᠷᠥ ᠶᠢᠨ ᠪᠣᠳᠣᠯᠭ᠎ᠠ ᠶᠢ ᠨᠠᠷᠢᠨ ᠲᠠᠶᠢᠯᠪᠦᠷᠢᠯᠠᠪᠠ᠃ ᠡᠭᠦᠨ ᠠᠴᠠ ᠭᠠᠳᠠᠨ᠎ᠠ᠂ ᠨᠡᠶᠢᠭᠡᠮ ᠲᠣᠭᠤᠷᠢᠭ ᠪᠠᠰᠠ ᠰᠠᠭᠤᠭᠠᠯᠢ ᠠᠷᠠᠳ ᠤᠨ ᠠᠵᠢᠯ ᠤᠯᠬᠤ ᠬᠡᠷᠡᠭᠴᠡᠭᠡ ᠶᠢ ᠠᠩᠬᠠᠷᠴᠤ᠂ ᠠᠵᠢᠯ ᠤᠯᠬᠤ ᠮᠡᠳᠡᠭᠡ ᠵᠠᠩᠭᠢ ᠶᠢ ᠢᠳᠡᠪᠬᠢᠲᠡᠶ ᠪᠠᠷ ᠴᠤᠭᠯᠠᠭᠤᠯᠤᠨ ᠨᠡᠶᠢᠲᠡᠯᠡᠵᠦ᠂ ᠠᠵᠢᠯ ᠡᠷᠢᠭᠰᠡᠳ ᠲᠤ ᠠᠵᠢᠯ ᠲᠠᠨᠢᠯᠴᠠᠭᠤᠯᠬᠤ ᠪᠠ ᠠᠵᠢᠯ ᠤᠯᠬᠤ ᠵᠢᠯᠣᠭᠤᠳᠣᠯᠭ᠎ᠠ ᠬᠠᠩᠭᠠᠪᠠ᠃ ᠡᠭᠦᠨ ᠤ ᠬᠠᠮᠲᠤ᠂ ᠠᠳᠠᠯ ᠦᠢᠯᠡᠰ ᠴᠣᠭᠴᠠᠯᠠᠬᠤ ᠬᠦᠰᠡᠯ ᠲᠠᠢ ᠰᠠᠭᠤᠭᠠᠯᠢ ᠠᠷᠠᠳ ᠲᠤ ᠨᠡᠶᠢᠭᠡᠮ ᠲᠣᠭᠤᠷᠢᠭ ᠠᠴᠠ ᠬᠠᠮᠢᠶ᠎ᠠ ᠪᠦᠬᠦᠢ ᠭᠠᠷᠳᠠᠮ ᠢ ᠬᠠᠪᠰᠤᠷᠤᠨ ᠭᠦᠢᠴᠡᠳᠬᠡᠵᠦ᠂ ᠠᠳᠠᠯ ᠦᠢᠯᠡᠰ ᠴᠣᠭᠴᠠᠯᠠᠬᠤ ᠪᠣᠯᠪᠠᠰᠤᠷᠠᠯ ᠪᠠ ᠲᠥᠷᠥ ᠶᠢᠨ ᠪᠣᠳᠣᠯᠭ᠎ᠠ ᠶᠢᠨ ᠳᠡᠮᠵᠢᠯᠭᠡ ᠬᠠᠩᠭᠠᠵᠠᠢ᠃      ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠭᠦᠢᠴᠡᠳᠬᠡᠬᠦ ᠶᠠᠪᠤᠴᠠ ᠳᠤ᠂ ᠨᠡᠶᠢᠭᠡᠮ ᠲᠣᠭᠤᠷᠢᠭ ᠤᠨ ᠠᠵᠢᠯᠲᠠᠳ ᠢᠮᠠᠭᠲᠠ ᠬᠠᠯᠠᠭᠤᠮᠰᠤᠭ᠂ ᠬᠦᠯᠢᠴᠡᠩᠭᠦᠶ᠂ ᠨᠠᠷᠢᠨ ᠨᠢᠮᠪᠠᠶ ᠦᠢᠯᠡᠴᠢᠯᠡᠬᠦ ᠣᠪᠣᠷ ᠢ ᠪᠠᠷᠢᠮᠲᠠᠯᠠᠪᠠ᠃ ᠭᠤᠶᠤᠴᠢᠯᠠᠬᠤ ᠮᠠᠲ᠋ᠧᠷᠢᠶᠠᠯ ᠨᠢᠭᠡᠪᠦᠷᠢ ᠶᠢ ᠨᠠᠷᠢᠨ ᠬᠢᠨᠠᠮᠠᠭᠠᠢ ᠬᠢᠨᠠᠨ ᠬᠠᠷᠭᠤᠭᠤᠯᠵᠤ᠂ ᠮᠡᠳᠡᠭᠡ ᠵᠠᠩᠭᠢ ᠶᠢᠨ ᠵᠥᠪ ᠣᠨᠣᠪᠴᠢᠲᠠᠢ ᠪᠠᠶᠢᠬᠤ ᠶᠢ ᠦᠨᠡᠨᠬᠦ ᠪᠠᠲᠤᠯᠠᠪᠠ᠃      ᠢᠷᠡᠭᠡᠳᠦᠢ ᠳᠤ᠂ ᠹᠦ᠋ ᠶᠤᠸᠠᠨ ᠨᠡᠶᠢᠭᠡᠮ ᠲᠣᠭᠤᠷᠢᠭ ᠦᠷᠭᠦᠯᠵᠢᠯᠡᠨ ᠬᠠᠶᠢᠨ ᠰᠦᠪᠡᠭᠴᠢᠯᠡᠵᠦ ᠰᠢᠨ᠎ᠡ ᠶᠢ ᠡᠭᠦᠳᠴᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠰᠠᠭᠤᠭᠠᠯᠢ ᠠᠷᠠᠳ ᠲᠤ ᠨᠡᠩ ᠤᠯᠠᠨ ᠴᠢᠨᠠᠷ ᠰᠠᠶᠢᠲᠠᠢ᠂ ᠥᠨᠳᠥᠷ ᠪᠦᠲᠦᠮᠵᠢᠲᠡᠢ ᠦᠢᠯᠡᠴᠢᠯᠡᠭᠡ ᠬᠠᠩᠭᠠᠵᠤ᠂ ᠡᠶ᠎ᠡ ᠵᠣᠬᠢᠴᠠᠩᠭᠤᠢ ᠰᠠᠶᠢᠨ ᠰᠠᠶᠢᠬᠠᠨ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠬᠠᠮᠲᠤᠪᠠᠷ ᠪᠠᠶᠢᠭᠤᠯᠤᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号