ᠵᠢᠯ ᠤᠨ ᠡᠬᠢᠨ ᠠᠴᠠ ᠨᠠᠭᠠᠰᠢ᠂ ᠴᠢᠩᠱᠠᠨ ᠲᠣᠭᠤᠷᠢᠭ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ | ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ︽ᠬᠤᠶᠠᠷ ᠰᠢᠨ᠎ᠡ︾ ᠶᠢᠨ ᠲᠦᠷᠦ ᠶᠢᠨ ᠪᠤᠳᠤᠯᠭ᠎ᠠ ᠶᠢ ᠨᠠᠷᠢᠯᠢᠭ | ᠨᠠᠶᠢᠳᠠᠪᠤᠷᠢᠵᠢᠭᠤᠯᠬᠤ ᠶᠢ ᠬᠦᠴᠦᠯᠡᠨ ᠠᠬᠢᠭᠤᠯᠵᠤ᠂ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ︽ᠲᠣᠭᠲᠠᠭᠤᠨ︾ | ᠪᠠᠶᠢᠳᠠᠯ ᠢ ᠦᠨᠳᠦᠰᠦᠨ ᠳᠡᠭᠡᠨ ᠦᠷᠭᠦᠯᠵᠢᠯᠡᠭᠦᠯᠪᠡ᠃ 1— 2 ᠳ᠋ᠤᠭᠠᠷ ᠰᠠᠷ᠎ᠠ ᠳᠤ᠂ ᠴᠢᠩᠱᠠᠨ ᠲᠣᠭᠤᠷᠢᠭ ᠤᠨ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 39 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 4.3% ᠪᠠᠷ ᠨᠡᠮᠡᠭᠳᠡᠨ᠂ ᠪᠤᠭᠤᠲᠤ ᠬᠤᠲᠠ ᠶᠢᠨ 2.9 ᠵᠠᠭᠤᠨ ᠤ | ᠨᠢᠭᠡᠴᠢ ᠳᠣᠣᠷ᠎ᠠ ᠪᠣᠯᠪᠠ᠃ | ᠦᠨᠳᠦᠰᠦᠨ ᠠᠮᠢᠳᠤᠷᠠᠯ ᠤᠨ ᠲᠥᠷᠥᠯ ᠤᠨ ᠲᠠᠸᠠᠷ ᠤᠨ ᠨᠡᠮᠡᠭᠳᠡᠯ ᠤᠨ ᠬᠠᠨᠳᠤᠰᠢ ᠲᠣᠭᠲᠠᠭᠤᠨ ᠪᠠᠶᠢᠨ᠎ᠠ᠃ | ᠬᠡᠷᠡᠭᠯᠡᠭᠡ ᠶᠢ ᠠᠬᠢᠭᠤᠯᠬᠤ ᠡᠯ᠎ᠡ ᠲᠥᠷᠥᠯ ᠤᠨ ᠠᠵᠢᠯᠯᠠᠭ᠎ᠠ ᠪᠠ ᠰᠢᠨ᠎ᠡ ᠵᠢᠯ᠂ ᠴᠠᠭᠠᠨ ᠰᠠᠷ᠎ᠠ ᠵᠡᠷᠭᠡ ᠠᠮᠠᠷᠠᠯᠲᠠ ᠶᠢᠨ | ᠡᠳᠦᠷ ᠤᠨ ᠠᠵᠤ ᠠᠬᠤᠶ ᠶᠢᠨ ᠬᠦᠴᠦᠲᠡᠶ ᠳᠠᠶᠢᠴᠢᠯᠠᠯᠲᠠ ᠳᠣᠣᠷ᠎ᠠ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ | ᠨᠢᠭᠡᠴᠢ ᠤᠮᠳᠠᠭᠠᠨ ᠤ ᠲᠥᠷᠥᠯ᠂ ᠠᠮᠤ ᠲᠣᠰᠣ ᠢᠳᠡᠭᠡᠨ ᠤ ᠲᠥᠷᠥᠯ᠂ ᠠᠷᠢᠬᠢ ᠲᠠᠮᠠᠬᠢᠨ ᠤ ᠲᠥᠷᠥᠯ ᠤᠨ ᠵᠢᠵᠢᠭᠯᠡᠨ | ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 17.8% ᠨᠡᠮᠡᠭᠳᠡᠪᠡ᠃ ᠳᠡᠰ ᠳᠡᠪᠰᠢᠬᠦ ᠲᠥᠷᠥᠯ ᠤᠨ | ᠬᠡᠰᠡᠭ ᠲᠠᠸᠠᠷ ᠠᠮᠢᠵᠢᠷᠠᠯ ᠤᠨ ᠬᠦᠴᠦᠨ ᠲᠠᠢ ᠪᠣᠯᠪᠠ᠃ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ | ᠰᠣᠯᠢᠬᠤ ᠲᠥᠷᠥ ᠶᠢᠨ ᠪᠣᠳᠣᠯᠭ᠎ᠠ ᠦᠷᠭᠦᠯᠵᠢᠯᠡᠨ ᠦᠷ᠎ᠡ ᠪᠦᠲᠦᠮᠵᠢ ᠶᠢ ᠢᠯᠡᠷᠡᠭᠦᠯᠵᠦ᠂ ᠬᠢᠵᠠᠭᠠᠷᠯᠠᠭᠰᠠᠨ | ᠲᠤᠭ᠎ᠠ ᠠᠴᠠ ᠳᠡᠭᠡᠭᠰᠢᠬᠢ ᠨᠢᠭᠡᠴᠢ ᠶᠢᠨ ᠬᠡᠷ ᠤᠨ ᠴᠠᠬᠢᠯᠭᠠᠨ ᠬᠡᠷᠡᠭᠰᠡᠯ ᠪᠠ ᠲᠠᠭᠤ ᠳᠦᠷᠰᠦ ᠰᠢᠩᠭᠡᠭᠡᠯᠲᠡ ᠶᠢᠨ | ᠪᠠᠭᠠᠵᠢ ᠬᠡᠷᠡᠭᠰᠡᠯ ᠤᠨ ᠲᠥᠷᠥᠯ᠂ ᠴᠢᠮᠡᠭᠡ ᠬᠤᠯᠪᠣᠭᠠᠨ ᠤ ᠪᠠᠭᠠᠵᠢ ᠬᠡᠷᠡᠭᠰᠡᠯ ᠤᠨ ᠲᠥᠷᠥᠯ ᠤᠨ ᠲᠠᠸᠠᠷ ᠤᠨ ᠵᠢᠵᠢᠭᠯᠡᠨ | ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ ᠨᠡᠶᠢᠲᠡ 72.8% ᠪᠠᠷ ᠨᠡᠮᠡᠭᠳᠡᠪᠡ᠃ ᠶᠡᠭᠡ | ᠬᠡᠮᠵᠢᠶᠡᠨ ᠤ ᠲᠠᠸᠠᠷ ᠦᠰᠦᠯᠲᠡ ᠲᠠᠢ ᠪᠠᠭᠤᠷᠠᠯᠲᠠ ᠲᠠᠢ ᠪᠠᠶᠢᠨ᠎ᠠ᠃ ᠤᠯᠤᠰ ᠤᠨ ᠨᠥᠬᠦᠪᠥᠷᠢ᠂ ᠲᠤᠰᠬᠠᠶ ᠣᠷᠣᠨ | ᠬᠤᠲᠠ ᠶᠢᠨ ᠨᠥᠬᠦᠪᠥᠷᠢ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠳᠠᠶᠢᠴᠢᠯᠠᠯᠲᠠ ᠳᠣᠤᠷ᠎ᠠ᠂ ᠰᠢᠨ᠎ᠡ | ᠡᠨᠧᠷᠭᠢ ᠶᠢᠨ ᠮᠠᠰᠢᠨ ᠲᠡᠷᠭᠡ᠂ ᠭᠠᠷ ᠳᠠᠮᠵᠢᠭᠰᠠᠨ ᠮᠠᠰᠢᠨ ᠲᠡᠷᠭᠡᠨ ᠤ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ | ᠬᠤᠭᠤᠴᠠᠭᠠᠨ ᠤ ᠬᠢ ᠠᠴᠠ 65.2 % ᠢᠶᠠᠷ ᠨᠡᠮᠡᠭᠳᠡᠪᠡ᠃ ᠲᠤᠰᠦ ᠰᠢᠲᠠᠭᠠᠬᠤ ᠲᠡᠷᠭᠡᠨ ᠤ ᠬᠡᠷᠡᠭᠯᠡᠭᠡᠨ ᠤ ᠣᠷᠣᠨ ᠵᠠᠢ | ᠦᠷᠭᠦᠯᠵᠢᠯᠡᠨ ᠪᠠᠭᠠᠰᠴᠤ᠂ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠲᠤᠭ᠎ᠠ ᠶᠢ 3.3 ᠵᠠᠭᠤᠨ ᠤ ᠨᠢᠭᠡᠴᠢ | ᠳᠤᠷᠤᠭᠰᠢ ᠲᠠᠲᠠᠪᠠ᠃ ᠰᠢᠨ᠎ᠡ ᠡᠨᠧᠷᠭᠢ ᠶᠢᠨ ᠲᠡᠷᠭᠡᠨ ᠤ ᠵᠠᠬ᠎ᠠ ᠳᠡᠯᠭᠡᠭᠦᠷ ᠤᠨ ᠬᠤᠪᠢ ᠶᠢᠨ ᠲᠤᠭ᠎ᠠ ᠶᠢ | ᠳᠡᠭᠡᠭᠰᠢᠯᠡᠭᠦᠯᠬᠦ᠂ ᠵᠢᠵᠢᠭᠯᠡᠨ ᠬᠤᠳᠠᠯᠳᠤᠬᠤ ᠲᠤᠭ᠎ᠠ ᠶᠢᠨ ᠬᠡᠮᠵᠢᠯᠲᠡ ᠶᠢᠨ ᠲᠣᠬᠢᠷᠠᠭᠤᠯᠤᠯᠲᠠ ᠶᠢᠨ ᠨᠥᠯᠥᠭᠡ ᠪᠠᠷ᠂ | ᠴᠢᠯᠠᠭᠤᠨ ᠲᠣᠰᠣ ᠵᠢᠴᠢ ᠪᠦᠲᠦᠭᠡᠭᠳᠡᠬᠦᠨ ᠤ ᠲᠥᠷᠥᠯ ᠤᠨ ᠣᠷᠣᠯᠭ᠎ᠠ ᠬᠡᠪᠴᠢᠶᠡᠵᠢᠯ ᠠᠴᠠ ᠳᠡᠭᠡᠭᠰᠢ ᠬᠡᠷᠡᠭᠯᠡᠭᠡᠨ ᠤ | ᠲᠠᠸᠠᠷ ᠤᠨ ᠵᠢᠵᠢᠭᠯᠡᠨ ᠬᠤᠳᠠᠯᠳᠤᠭᠰᠠᠨ ᠨᠤᠷᠮ᠎ᠠ ᠶᠢ ᠨᠡᠶᠢᠲᠡ 3.1 ᠵᠠᠭᠤᠨ ᠤ ᠨᠢᠭᠡᠴᠢ ᠳᠤᠷᠤᠭᠰᠢ ᠲᠠᠲᠠᠪᠠ᠃ | ᠬᠦᠷᠦᠯᠴᠡᠭᠡ ᠲᠥᠷᠥᠯ ᠤᠨ ᠬᠡᠷᠡᠭᠯᠡᠭᠡ ᠰᠢᠨ᠎ᠡ ᠪᠠᠶᠢᠳᠠᠯ ᠢᠯᠡᠷᠡᠪᠡ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ | ᠢᠳᠡᠭᠡᠨ ᠤᠮᠳᠠᠭᠠᠨ ᠤ ᠲᠣᠮᠣ ᠬᠤᠪᠢ ᠶᠢᠨ ᠬᠤᠭᠤᠯᠠᠨ ᠤ ᠵᠠᠷᠤᠳᠠᠯ ᠤᠨ ᠣᠷᠣᠯᠭ᠎ᠠ ᠠᠳᠠᠯᠢ | ᠬᠤᠭᠤᠴᠠᠭᠠᠨ ᠤ ᠬᠢ ᠠᠴᠠ 10.6 % ᠪᠠᠷ ᠨᠡᠮᠡᠭᠳᠡᠵᠦ᠂ ᠡᠭᠦᠨ ᠳᠤ ᠲᠣᠰ ᠵᠢᠯ ᠳᠤ ᠰᠢᠨ᠎ᠡ ᠪᠠᠷ ᠬᠥᠮᠥᠷᠭᠡ ᠳᠤ | ᠣᠷᠣᠭᠤᠯᠤᠭᠰᠠᠨ 31 ᠢᠳᠡᠭᠡᠨ ᠤᠮᠳᠠᠭᠠᠨ ᠤ ᠬᠤᠪᠢ ᠶᠢᠨ ᠬᠤᠭᠤᠯᠠᠨ ᠤ ᠵᠠᠷᠤᠳᠠᠯ ᠤᠨ ᠣᠷᠣᠯᠭ᠎ᠠ ᠠᠳᠠᠯᠢ | ᠬᠤᠭᠤᠴᠠᠭᠠᠨ ᠤ ᠬᠢ ᠠᠴᠠ 29.3 % ᠪᠠᠷ ᠨᠡᠮᠡᠭᠳᠡᠪᠡ᠃ | | | | | | |