ᠬᠠᠤᠯᠢ ᠪᠠᠷ ᠵᠠᠰᠠᠬᠤ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ | ᠬᠥᠳᠡᠭᠡ ᠲᠣᠰᠬᠤᠨ ᠤ ᠬᠠᠤᠯᠢ ᠪᠠᠷ ᠵᠠᠰᠠᠬᠤ ᠠᠮᠢ ᠠᠬᠤᠶ ᠶᠢ ᠦᠷᠭᠦᠯᠵᠢᠯᠡᠨ ᠰᠢᠯᠢᠳᠡᠭᠵᠢᠭᠦᠯᠬᠦ ᠶᠢᠨ ᠲᠥᠯᠥᠭᠡ᠂ | ᠴᠢᠩᠱᠠᠨ ᠲᠣᠭᠤᠷᠢᠭ ᠤᠨ ᠰᠢᠩ ᠱᠧᠩ ᠪᠠᠯᠭᠠᠰᠤ - ᠤᠰᠤᠲᠤ ᠬᠤᠯᠪᠣᠭᠠᠯᠠᠨ ᠬᠦᠳᠦᠯᠦᠯᠴᠡᠬᠦ ᠬᠠᠤᠯᠢ ᠴᠠᠭᠠᠵᠠ ᠶᠢᠨ | ᠭᠠᠵᠠᠷ ︽ᠮᠢᠩᠭᠠᠨ ᠬᠠᠤᠯᠢᠴᠢ ᠬᠥᠳᠡᠭᠡ ᠲᠣᠰᠬᠤᠨ ᠳᠤ ᠤᠷᠤᠬᠤ︾ ᠠᠵᠢᠯᠯᠠᠭ᠎ᠠ ᠪᠠᠷ ᠲᠣᠬᠢᠶᠠᠯ ᠪᠣᠯᠭᠠᠵᠤ᠂ ︽ᠭᠡᠷ᠎ᠡ | ᠲᠣᠭᠲᠠᠬᠤ ᠬᠡᠯᠪᠡᠷᠢ ᠶᠢᠨ ᠦᠢᠯᠡᠴᠢᠯᠡᠭᠡ + ᠵᠢᠭᠰᠠᠭᠠᠯ ᠤᠨ ᠭᠠᠵᠠᠷ ᠤᠨ ᠮᠠᠶ᠋ᠢᠭ ᠤᠨ ᠪᠠᠲᠤᠯᠠᠯᠲᠠ + ᠬᠠᠤᠯᠢ | ᠲᠦᠭᠡᠮᠡᠯᠵᠢᠭᠦᠯᠦᠯᠲᠡ ᠶᠢ ᠪᠠᠲᠤᠯᠠᠬᠤ︾ ᠭᠤᠷᠪᠠ ᠶᠢ ᠨᠢᠭᠡ ᠴᠤᠭᠴᠠᠵᠢᠭᠤᠯᠬᠤ ᠠᠵᠢᠯ ᠤᠨ ᠵᠠᠭᠪᠤᠷ ᠢ ᠰᠢᠨ᠎ᠡ ᠪᠠᠷ | ᠡᠭᠦᠳᠦᠨ ᠪᠠᠶᠢᠭᠤᠯᠵᠤ᠂ ᠬᠠᠤᠯᠢᠴᠢ ᠶᠢᠨ ᠦᠢᠯᠡᠴᠢᠯᠡᠭᠡ ᠬᠢᠭᠡᠳ ᠬᠥᠳᠡᠭᠡ ᠲᠣᠰᠬᠤᠨ ᠤ ᠵᠠᠰᠠᠯᠲᠠ ᠶᠢ ᠭᠦᠨᠵᠡᠭᠡᠶ | ᠠᠭᠤᠰᠤᠯᠴᠠᠭᠤᠯᠬᠤ ᠶᠢ ᠪᠡᠶᠡᠯᠡᠭᠦᠯᠦᠨ᠂ ᠴᠢᠨᠠᠷ ᠰᠠᠶᠢᠲᠠᠶ ᠬᠠᠤᠯᠢ ᠴᠠᠭᠠᠵᠠ ᠶᠢᠨ ᠡᠬᠢ ᠪᠠᠶᠠᠯᠢᠭ ᠢ ᠦᠨᠳᠦᠰᠦᠨ ᠱᠠᠲᠤ | ᠲᠡᠶᠢᠰᠢ ᠤᠷᠲᠤᠳᠬᠠᠬᠤ ᠶᠢ ᠠᠬᠢᠭᠤᠯᠵᠤ᠂ ᠬᠠᠤᠯᠢ ᠪᠠᠷ ᠠᠷᠠᠳ ᠲᠤ ᠠᠰᠢᠭ ᠬᠦᠷᠲᠡᠭᠡᠬᠦ ︽ᠡᠴᠦᠰ ᠤᠨ ᠨᠢᠭᠡ | ᠺᠢᠯᠤᠮᠧᠲᠷ︾ ᠢ ᠨᠡᠪᠲᠡᠷᠡᠭᠦᠯᠪᠡ᠃ | ︽ᠬᠤᠤᠰᠯᠠᠨ ᠭᠡᠷ᠎ᠡ ᠲᠤᠭᠲᠠᠬᠤ︾ ᠬᠥᠭᠦᠷᠭᠡ ᠲᠠᠯᠪᠢᠨ᠎ᠠ᠃ ᠬᠠᠷᠢᠶ᠎ᠠ ᠣᠷᠣᠨ ᠤ 3 ᠬᠠᠤᠯᠢᠴᠢ ᠶᠢᠨ ᠬᠡᠷᠡᠭ | ᠡᠷᠬᠢᠯᠡᠬᠦ ᠭᠠᠵᠠᠷ ᠢ ᠵᠣᠬᠢᠶᠠᠨ ᠪᠠᠶᠢᠭᠤᠯᠵᠤ 15 ᠵᠠᠰᠠᠭ ᠵᠠᠬᠢᠷᠭᠠᠨ ᠤ ᠲᠣᠰᠬᠤᠨ ᠲᠠᠢ ︽ᠨᠡᠶᠢᠲᠡ ᠶᠢᠨ ᠠᠰᠠᠷᠠᠮᠵᠢ ᠶᠢᠨ | ᠬᠠᠤᠯᠢ ᠴᠠᠭᠠᠵᠠ ᠶᠢᠨ ᠦᠢᠯᠡᠴᠢᠯᠡᠭᠡᠨ ᠤ ᠬᠡᠯᠡᠯᠴᠡᠭᠡᠷ︾ ᠲᠣᠭᠲᠠᠵᠤ᠂ ᠬᠠᠤᠯᠢᠴᠢ ᠶᠢᠨ ᠪᠦᠯᠬᠦᠮ ᠠᠴᠠ ᠬᠠᠤᠯᠢ | ᠴᠠᠭᠠᠵᠠ ᠶᠢᠨ ᠪᠣᠯᠪᠠᠰᠤᠷᠠᠭᠤᠯᠤᠯ᠂ ᠬᠠᠤᠯᠢ ᠴᠠᠭᠠᠵᠠ ᠶᠢᠨ ᠯᠠᠪᠯᠠᠯᠭ᠎ᠠ᠂ ᠵᠥᠷᠢᠴᠡᠯ ᠢ ᠡᠶᠡᠳᠡᠭᠦᠯᠬᠦ ᠵᠡᠷᠭᠡ 5 ᠵᠦᠢᠯ ᠤᠨ | ᠡᠭᠦᠷᠭᠡ ᠬᠠᠩᠭᠠᠵᠤ᠂ ︽ᠨᠢᠭᠡ ᠲᠣᠰᠬᠤᠨ ᠨᠢᠭᠡ ᠬᠠᠤᠯᠢ ᠴᠠᠭᠠᠵᠠ ᠶᠢᠨ ᠵᠥᠪᠯᠡᠭᠴᠢ︾ ᠶᠢᠨ ᠣᠷᠳᠣ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠪᠠᠶᠢᠭᠤᠯᠤᠨ᠎ᠠ᠃ | ︽ᠵᠢᠭᠰᠠᠭᠠᠯ ᠤᠨ ᠭᠠᠵᠠᠷ ᠢ ᠳᠡᠰ ᠳᠡᠪᠰᠢᠭᠦᠯᠬᠦ︾ ᠪᠠᠷ ᠰᠠᠭᠤᠷᠢ ᠶᠢ ᠪᠠᠳᠤᠳᠬᠠᠨ᠎ᠠ᠃ ᠲᠣᠰᠬᠤᠨ ᠤ ᠱᠠᠲᠤᠨ ᠤ | ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠣᠯᠠᠨ | ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠠᠰᠤᠭ ᠢ ᠲᠡᠭᠦᠯᠳᠡᠷᠵᠢᠭᠦᠯᠦᠨ ᠪᠦᠷᠢᠨᠰᠢᠭᠦᠯᠵᠦ᠂ ᠲᠡᠮᠳᠡᠭ | ᠡᠯᠭᠦᠬᠦ᠂ ᠦᠢᠯᠡᠴᠢᠯᠡᠭᠡᠨ ᠤ ᠴᠤᠪᠤᠷᠠᠯ ᠢ ᠨᠢᠭᠡᠳᠦᠯᠲᠡᠶ ᠨᠡᠶᠢᠲᠡᠯᠡᠵᠦ᠂ ᠬᠠᠤᠯᠢ ᠴᠠᠭᠠᠵᠠ ᠶᠢᠨ ᠨᠣᠮ ᠪᠢᠴᠢᠭ ᠢ | ᠲᠣᠬᠢᠷᠠᠭᠤᠯᠤᠨ᠂ ᠬᠠᠤᠯᠢᠴᠢ ᠶᠢᠨ ᠵᠢᠵᠢᠭᠦᠷ ᠤᠨ ᠠᠵᠢᠯ ᠤᠨ ᠪᠠᠶᠢᠷᠢ ᠶᠢ ᠭᠠᠷᠭᠠᠵᠤ᠂ ︽ᠵᠥᠪᠯᠡᠯᠭᠡ ᠥᠭᠬᠦ ᠬᠥᠮᠦᠨ ᠲᠠᠢ᠂ | ᠭᠤᠮᠣᠳᠠᠯ ᠱᠠᠭᠠᠷᠳᠠᠯᠭ᠎ᠠ ᠶᠢ ᠭᠥᠯᠢᠶᠡᠨ ᠠᠪᠬᠤ ᠬᠥᠮᠦᠨ ᠲᠠᠢ᠂ ᠵᠢᠭᠤᠷᠠᠯᠳᠤᠭᠠᠨ ᠢ ᠬᠠᠮᠢᠶᠠᠷᠬᠤ ᠬᠥᠮᠦᠨ ᠲᠠᠢ︾ | ᠪᠠᠶᠢᠬᠤ ᠶᠢ ᠪᠡᠶᠡᠯᠡᠭᠦᠯᠦᠨ᠎ᠡ᠃ | ︽ᠬᠠᠨᠳᠤᠯᠭᠠᠲᠤ ᠴᠢᠨᠠᠷᠲᠠᠢ ᠪᠠᠷ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ︾ | ᠠᠷᠠᠳ ᠤᠨ ᠰᠡᠳᠭᠢᠯ ᠢ ᠤᠮᠳᠠᠯᠠᠨ᠎ᠠ᠃ ︽ᠵᠠᠬᠢᠶᠠᠯᠠᠭ᠎ᠠ ᠶᠢᠨ ᠮᠠᠶ᠋ᠢᠭ︾ ᠤᠨ ᠬᠠᠤᠯᠢ ᠴᠠᠭᠠᠵᠠ ᠶᠢᠨ ᠶᠡᠷᠦ ᠶᠢᠨ | ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠥᠷᠨᠢᠭᠦᠯᠵᠦ᠂ ᠵᠢᠯ ᠤᠨ ᠡᠬᠢᠨ ᠳᠤ ᠡᠯ᠎ᠡ ᠲᠣᠰᠬᠤᠨ ᠠᠴᠠ | ᠬᠠᠤᠯᠢ ᠪᠠᠷ ᠵᠠᠰᠠᠬᠤ ᠬᠡᠷᠡᠭᠴᠡᠭᠡ ᠱᠠᠭᠠᠷᠳᠠᠯᠭ᠎ᠠ ᠶᠢ ᠴᠤᠭᠯᠠᠭᠤᠯᠵᠤ᠂ 3 ᠳ᠋ᠤᠭᠠᠷ ᠰᠠᠷ᠎ᠠ ᠳᠤ ᠲᠤᠰᠬᠠᠶ ᠰᠡᠳᠦᠪᠲᠦ | ᠲᠠᠶᠢᠯᠤᠮᠵᠢ 4 ᠲᠠᠯᠠᠪᠤᠷ ᠡᠷᠭᠢᠯᠡᠵᠦ᠂ ᠵᠢᠱᠢᠯᠲᠡ ᠪᠠᠷ ᠪᠥᠬᠦ ᠵᠢᠯ ᠳᠤ ᠬᠥᠳᠡᠭᠡ ᠲᠣᠰᠬᠤᠨ ᠤ ᠲᠤᠰᠬᠠᠶ ᠰᠡᠳᠦᠪᠲᠦ | ᠬᠠᠤᠯᠢ ᠴᠠᠭᠠᠵᠠ ᠶᠢᠨ ᠮᠡᠳᠡᠯᠭᠡ ᠶᠢᠨ ᠲᠠᠶᠢᠯᠤᠮᠵᠢ 17 ᠲᠠᠯᠠᠪᠤᠷ ᠥᠷᠨᠢᠭᠦᠯᠵᠦ᠂ ᠬᠡᠷᠡᠭ ᠤᠨ ᠬᠠᠤᠯᠢ ᠶᠢᠨ | ᠲᠠᠶᠢᠯᠪᠤᠷᠢᠯᠠᠯᠲᠠ ᠶᠢᠨ ᠠᠷᠭ᠎ᠠ ᠮᠠᠶ᠋ᠢᠭ ᠢᠶᠠᠷ ᠪᠣᠭᠳᠣᠯᠭᠠ ᠶᠢᠨ ᠶᠣᠰᠣᠯᠠᠯ ᠤᠨ ᠪᠤᠴᠠᠭᠠᠯᠲᠠ᠂ ᠬᠥᠯᠥᠰᠥᠨ | ᠠᠵᠢᠯᠴᠢᠨ ᠤ ᠡᠷᠬᠡ ᠪᠠᠨ ᠬᠠᠮᠠᠭᠠᠯᠠᠬᠤ ᠵᠡᠷᠭᠡ ᠬᠠᠯᠠᠮᠰᠢᠯ ᠠᠰᠠᠭᠤᠳᠠᠯ ᠢ ᠲᠠᠶᠢᠯᠪᠤᠷᠢᠯᠠᠨ᠎ᠠ᠃ ︽ᠲᠣᠰᠬᠤᠨ ᠤ | ᠠᠷᠠᠳ ᠤᠨ ᠶᠠᠷᠢᠶᠠᠨ ᠤ ᠲᠠᠩᠬᠢᠮ︾ ᠢ ᠨᠡᠭᠡᠭᠡᠨ ᠲᠣᠰᠬᠤᠨ ᠤ ᠠᠷᠠᠳ ᠲᠤ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠵᠡᠷᠭᠡ ᠬᠠᠤᠯᠢ ᠴᠠᠭᠠᠵᠠ ᠶᠢᠨ ᠮᠡᠳᠡᠯᠭᠡ ᠶᠢ ᠲᠠᠶᠢᠯᠪᠤᠷᠢᠯᠠᠨ | ᠥᠭᠴᠦ᠂ 3200 ᠭᠠᠷᠤᠶ ᠬᠥᠮᠦᠨ ᠤᠳᠠᠭ᠎ᠠ ᠬᠠᠮᠤᠷᠴᠠᠶ᠃ | ︽ᠡᠭᠦᠯᠡᠨ ᠦᠢᠯᠡᠴᠢᠯᠡᠭᠡ︾ ᠪᠠᠬᠢᠯᠡᠯᠲᠡ ᠢ ᠡᠪᠳᠡᠨ᠎ᠡ᠃ ᠬᠠᠷᠢᠶᠠᠲᠤ ᠣᠷᠣᠨ ᠤ ᠪᠥᠬᠦ ᠬᠠᠤᠯᠢᠴᠢ ᠲᠣᠰᠬᠤᠨ ᠤ | ᠠᠷᠠᠳ ᠤᠨ ᠰᠦᠯᠵᠢᠶᠡᠨ ᠤ ᠸᠢᠴᠠᠲ ᠤᠨ ᠴᠤᠭᠯᠠᠷᠠᠯ ᠳᠤ ᠣᠷᠣᠵᠤ ᠰᠠᠭᠤᠬᠤ ᠶᠢ ᠠᠬᠢᠭᠤᠯᠵᠤ᠂ ︽ᠰᠦᠯᠵᠢᠶᠡᠨ | ᠳᠡᠭᠡᠷ᠎ᠡ ᠵᠢᠵᠢᠭᠦᠷᠯᠡᠬᠦ + ᠰᠦᠯᠵᠢᠶᠡᠨ ᠭᠠᠳᠠᠨ᠎ᠠ ᠳᠠᠭᠠᠬᠤ︾ ᠦᠢᠯᠡᠴᠢᠯᠡᠭᠡᠨ ᠤ ᠵᠠᠭᠪᠤᠷ ᠢ ᠬᠡᠷᠡᠭᠵᠢᠭᠦᠯᠵᠦ᠂ ᠡᠳᠦᠷ | ᠪᠦᠷᠢ ᠸᠢᠴᠠᠲ ᠤᠨ ᠬᠤᠯᠪᠤᠭ᠎ᠠ ᠪᠠᠷ ᠳᠠᠮᠵᠢᠭᠤᠯᠤᠨ ︽ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ︾ ᠬᠠᠤᠯᠢ | ᠲᠦᠭᠡᠮᠡᠯᠵᠢᠭᠦᠯᠬᠦ ᠮᠡᠳᠡᠯᠭᠡ ᠵᠢᠴᠢ ᠣᠬᠤᠷ ᠸᠢᠳᠢᠣ᠋ ᠶᠢ ᠨᠡᠶᠢᠲᠡᠯᠡᠵᠦ᠂ 24 ᠴᠠᠭ ᠤᠨ ᠰᠦᠯᠵᠢᠶᠡᠨ ᠳᠡᠭᠡᠷ᠎ᠡ ᠣᠯᠠᠨ | ᠲᠦᠮᠡᠨ ᠤ ᠬᠠᠤᠯᠢ ᠴᠠᠭᠠᠵᠠ ᠶᠢᠨ ᠠᠰᠠᠭᠤᠳᠠᠯ ᠢ ᠬᠠᠷᠢᠭᠤᠯᠤᠨ᠎ᠠ᠃ | ᠳᠠᠷᠠᠭᠠᠴᠢ ᠶᠢᠨ ᠠᠯᠬᠤᠮ ᠳᠤ᠂ ᠰᠢᠩ ᠱᠧᠩ ᠪᠠᠯᠭᠠᠰᠤ - ᠤᠰᠤᠲᠤ ᠬᠤᠯᠪᠣᠭᠠᠯᠠᠨ ᠬᠥᠳᠡᠯᠦᠯᠴᠡᠬᠦ ᠬᠠᠤᠯᠢ | ᠴᠠᠭᠠᠵᠠ ᠶᠢᠨ ᠭᠠᠵᠠᠷ ᠨᠢ ︽ᠬᠠᠤᠯᠢᠴᠢ ᠶᠢᠨ ᠭᠠᠵᠠᠷ ᠲᠣᠰᠬᠤᠨ︾ ᠢ ᠬᠠᠮᠲᠤᠪᠠᠷ ᠪᠠᠶᠢᠭᠤᠯᠬᠤ ᠵᠠᠭᠪᠤᠷ ᠢ | ᠦᠷᠭᠦᠯᠵᠢᠯᠡᠨ ᠭᠦᠨᠵᠡᠭᠡᠶᠢᠷᠡᠭᠦᠯᠵᠦ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠦᠷ᠎ᠡ ᠪᠦᠲᠦᠮᠵᠢ ᠶᠢ ᠦᠨᠡᠯᠡᠨ | ᠵᠢᠱᠢᠬᠦ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ︽ᠬᠠᠤᠯᠢᠴᠢ + ᠬᠠᠤᠯᠢ ᠴᠠᠭᠠᠵᠠ ᠶᠢᠨ ᠮᠡᠷᠭᠡᠨ ᠬᠥᠮᠦᠨ+ | ᠡᠶᠡᠳᠡᠭᠦᠯᠦᠭᠴᠢ︾ ᠶᠢᠨ ᠦᠨᠳᠦᠰᠦᠨ ᠱᠠᠲᠤᠨ ᠤ ᠬᠠᠤᠯᠢᠵᠢᠯ ᠤᠨ ᠦᠢᠯᠡᠴᠢᠯᠡᠭᠡᠨ ᠤ ᠲᠣᠣᠷ ᠢ ᠪᠠᠶᠢᠭᠤᠯᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠥᠨᠢ ᠤᠳᠠᠭᠠᠨ ᠤ ᠬᠠᠤᠯᠢᠵᠢᠯ ᠤᠨ ᠬᠥᠳᠡᠯᠭᠡᠬᠦ ᠬᠦᠴᠦᠨ | ᠨᠡᠮᠡᠷᠢᠯᠡᠵᠦ᠂ ᠬᠠᠤᠯᠢᠵᠢᠯ ᠤᠨ ᠬᠦᠴᠦᠨ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ | ᠯᠠᠪᠳᠠᠭᠤᠨ ᠢᠶᠠᠷ ᠬᠤᠯᠠ ᠠᠶᠠᠯᠠᠬᠤ ᠶᠢ ᠬᠠᠮᠠᠭᠠᠯᠠᠨ᠎ᠠ᠃ | | | |