3 ᠰᠠᠷ᠎ᠠ ᠶᠢᠨ 25 ᠤ ᠡᠳᠦᠷ᠂ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ | ᠭᠤᠣᠯ ᠳᠤᠭᠤᠶᠢᠯᠠᠩ 2025 ᠣᠨ ᠤ 4 ᠳ᠋ᠤᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ | ᠶᠢᠨ ᠬᠤᠷᠠᠯ ᠬᠤᠷᠠᠯᠳᠤᠭᠤᠯᠵᠤ᠂ ᠰᠢ ᠶᠢᠨ ᠫᠢᠩ ᠤᠨ ᠰᠣᠶᠣᠯ ᠦᠵᠡᠯ ᠰᠠᠨᠠᠭᠠᠨ ᠤ ᠲᠣᠭᠤᠷᠢᠨ ᠳᠤ ᠲᠤᠰᠬᠠᠢ | ᠰᠡᠳᠦᠪᠲᠦ ᠰᠤᠷᠤᠯᠴᠠᠯᠭ᠎ᠠ ᠬᠢᠵᠦ᠂ ᠲᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ | ᠳᠤᠭᠤᠶᠢᠯᠠᠩ ᠤᠨ ᠪᠦᠷᠢᠯᠳᠦᠬᠦᠨ᠂ ᠪᠦᠬᠦ ᠲᠤᠭᠤᠷᠢᠭ ᠤᠨ ᠡᠯ᠎ᠡ ᠨᠢᠭᠡᠴᠢ ᠶᠢᠨ ᠨᠠᠮ ᠵᠠᠰᠠᠭ ᠤᠨ ᠭᠤᠣᠯ | ᠬᠠᠷᠢᠭᠤᠴᠠᠯᠭᠠᠲᠠᠨ ᠵᠢᠴᠢ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠹᠷᠣᠨᠲ ᠤᠨ ᠺᠠᠳ᠋ᠷ 100 ᠭᠠᠷᠤᠢ | ᠬᠥᠮᠦᠨ ᠬᠤᠷᠠᠯ ᠳᠤ ᠣᠷᠣᠯᠴᠠᠪᠠ᠃ | ᠬᠤᠷᠠᠯ ᠠᠴᠠ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠭᠦᠨ ᠤᠬᠠᠭᠠᠨ ᠤ ᠵᠢᠭᠠᠨ ᠰᠤᠳᠤᠯᠬᠤ | ᠬᠡᠯᠲᠡᠰ ᠤᠨ ᠭᠦᠸᠧ ᠳ᠋ᠦᠩ ᠮᠧᠶ ᠫᠷᠤᠹᠧᠰᠰᠤᠷ ᠢ ᠤᠷᠢᠵᠤ ︽ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ︾ | ᠭᠡᠬᠦ ᠲᠤᠰᠬᠠᠶ ᠰᠡᠳᠦᠪᠲᠦ ᠬᠠᠪᠰᠤᠷᠤᠨ ᠵᠢᠯᠣᠭᠤᠳᠬᠤ ᠲᠠᠶᠢᠯᠤᠮᠵᠢ ᠬᠢᠯᠭᠡᠪᠡ᠃ ᠭᠦᠸᠧ ᠳ᠋ᠦᠩ ᠮᠧᠢ ᠫᠷᠤᠹᠧᠰᠰᠤᠷ | ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠳᠤᠷᠠᠳᠤᠭᠰᠠᠨ ᠴᠠᠭ ᠦᠶ᠎ᠡ ᠶᠢᠨ ᠠᠬᠤᠢ ᠪᠠᠶᠢᠳᠠᠯ᠂ ᠡᠯᠪᠡᠭ | ᠪᠠᠶᠠᠯᠢᠭ ᠠᠭᠤᠯᠤᠭᠳᠠᠬᠤᠨ ᠪᠠ ᠲᠣᠳᠣᠷᠬᠠᠢ ᠦᠢᠯᠡᠳᠦᠯᠭᠡ ᠶᠢᠨ ᠱᠠᠭᠠᠷᠳᠠᠯᠭ᠎ᠠ ᠵᠡᠷᠭᠡ ᠭᠤᠷᠪᠠᠨ ᠲᠠᠯ᠎ᠠ ᠠᠴᠠ ᠰᠢ ᠶᠢᠨ | ᠫᠢᠩ ᠤᠨ ᠰᠣᠶᠣᠯ ᠤᠨ ᠦᠵᠡᠯ ᠰᠠᠨᠠᠭᠠᠨ ᠤ ︽ᠬᠠᠮᠢᠭ᠎ᠠ ᠠᠴᠠ ᠡᠭᠦᠰᠴᠦ᠂ ᠬᠠᠮᠢᠭ᠎ᠠ ᠠᠴᠠ ᠬᠥᠭᠵᠢᠨ ᠮᠠᠨᠳᠤᠬᠤ︾ ᠶᠢ | ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ ᠬᠤᠷᠠᠯ ᠳᠤ ᠣᠷᠣᠯᠴᠠᠭᠰᠠᠨ ᠤᠳᠤᠷᠢᠳᠬᠤ ᠺᠠᠳ᠋ᠷ ᠪᠣᠯᠤᠨ ᠰᠤᠷᠲᠠᠯ | ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠹᠷᠣᠨᠲ ᠤᠨ ᠨᠥᠬᠦᠳ ᠤᠨ ᠡᠨᠡᠬᠦ ᠦᠵᠡᠯ ᠰᠠᠨᠠᠭ᠎ᠠ ᠶᠢ ᠡᠵᠡᠮᠰᠢᠬᠦ ᠳᠤ | ᠲᠣᠳᠣᠷᠬᠠᠢ ᠰᠤᠳᠠᠰᠤ ᠪᠠ ᠠᠵᠢᠯᠯᠠᠭᠠᠨ ᠤ ᠵᠦᠭᠯᠡᠭᠦᠷ ᠬᠠᠩᠭᠠᠵᠠᠢ᠃ | ᠬᠤᠷᠠᠯ ᠠᠴᠠ᠂ ᠣᠳᠣᠬᠠᠨ ᠤ ᠠᠵᠤ ᠠᠬᠤᠢ ᠶᠢᠨ ᠪᠠᠶᠢᠳᠠᠯ ᠤᠷᠳᠤ ᠬᠤᠭᠤᠴᠠᠭ᠎ᠠ ᠪᠠᠷ ᠰᠠᠶᠢᠵᠢᠷᠠᠵᠤ᠂ ᠤᠯᠠᠨ | ᠲᠦᠮᠡᠨ ᠤ ︽ᠣᠶᠢᠯᠠᠭᠠᠯᠲᠠ︾ ᠵᠦᠷᠢᠶ᠎ᠡ ᠲᠠᠢ ᠪᠠᠶᠢᠬᠤ ᠪᠠᠶᠢᠳᠠᠯ ᠳᠣᠣᠷ᠎ᠠ᠂ ᠨᠢᠭᠡ ᠳᠤ᠂ ᠥᠷᠭᠡᠨ ᠤᠯᠠᠨ ᠨᠠᠮ ᠤᠨ | ᠭᠡᠰᠢᠭᠦᠨ ᠤᠳᠤᠷᠢᠳᠬᠤ ᠺᠠᠳ᠋ᠷ᠂ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠲᠣᠭᠲᠠᠯ ᠬᠦᠴᠦᠨ ᠢᠶᠠᠨ | ᠪᠠᠲᠤᠯᠠᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠠᠵᠤ ᠠᠬᠤᠢ ᠶᠢᠨ ᠠᠵᠢᠯ ᠤᠨ ᠤᠬᠠᠭᠤᠯᠭ᠎ᠠ ᠶᠢ ᠴᠢᠩᠭᠠᠳᠬᠠᠬᠤ | ᠬᠡᠷᠡᠭᠲᠡᠢ︔ ᠬᠤᠶᠠᠷ ᠲᠤ᠂ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢᠳᠡᠪᠬᠢᠲᠡᠢ ᠥᠭᠡᠳᠡᠯᠡᠨ ᠲᠠᠪᠰᠢᠭᠰᠠᠨ ᠰᠠᠭᠤᠷᠢᠨ | ᠳᠡᠭᠡᠷ᠎ᠡ᠂ ᠭᠠᠳᠠᠭᠠᠳᠤ ᠳᠠᠷᠤᠯᠲᠠ ᠶᠢ ᠵᠥᠪ ᠢᠶᠠᠷ ᠡᠰᠡᠷᠭᠦᠴᠡᠵᠦ᠂ ᠳᠣᠲᠣᠭᠠᠳᠤ ᠶᠢᠨ ᠬᠥᠭᠵᠢᠯᠲᠡ ᠳᠤ ᠵᠥᠪ ᠢᠶᠠᠷ | ᠬᠠᠨᠳᠤᠵᠤ᠂ ᠨᠡᠶᠢᠭᠡᠮ ᠤᠨ ᠰᠡᠳᠬᠢᠴᠡ ᠶᠢᠨ ᠵᠢᠯᠤᠭᠤᠳᠤᠯᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ︔ ᠭᠤᠷᠪᠠ ᠳᠤ᠂ | ᠣᠳᠣᠬᠠᠨ ᠤ ᠨᠡᠶᠢᠭᠡᠮ ᠤᠨ ᠲᠠᠰᠤᠷᠠᠯᠳᠠ ᠦᠭᠡᠢ ᠲᠠᠪᠰᠢᠭᠰᠠᠨ ᠪᠠᠶᠢᠳᠠᠯ ᠳᠣᠣᠷ᠎ᠠ᠂ ᠰᠢᠨᠵᠢᠯᠡᠬᠦ ᠤᠬᠠᠭᠠᠨ | ᠮᠡᠷᠭᠡᠵᠢᠯ ᠤᠨ ᠬᠥᠭᠵᠢᠯᠲᠡ ᠶᠢᠨ ᠠᠪᠴᠢᠷᠠᠭᠰᠠᠨ ᠠᠵᠠ ᠲᠣᠬᠢᠶᠠᠯ ᠪᠣᠯᠤᠨ ᠥᠷᠢᠰᠥᠯᠳᠦᠭᠡᠨ ᠢ ᠭᠦᠨᠵᠡᠭᠡᠢ ᠲᠠᠨᠢᠵᠤ᠂ | ᠰᠢ ᠶᠢᠨ ᠫᠢᠩ ᠤᠨ ᠰᠣᠶᠣᠯ ᠤᠨ ᠦᠵᠡᠯ ᠰᠠᠨᠠᠭᠠᠨ ᠤ ᠭᠤᠣᠯ ᠠᠭᠤᠯᠭ᠎ᠠ ᠶᠢ ᠰᠢᠰᠲ᠋ᠧᠮ ᠲᠠᠢ ᠡᠵᠡᠮᠳᠡᠵᠦ᠂ | ᠪᠦᠲᠦᠮᠵᠢᠲᠡᠢ ᠠᠵᠢᠯ ᠤᠨ ᠠᠷᠭ᠎ᠠ ᠬᠡᠮᠵᠢᠶ᠎ᠡ ᠪᠠᠷ ᠡᠯ᠎ᠡ ᠵᠦᠢᠯ ᠤᠨ ᠬᠠᠷᠠᠯᠲᠠ ᠡᠭᠦᠷᠭᠡ ᠶᠢᠨ ᠲᠣᠭᠲᠠᠭᠤᠨ ᠢᠶᠠᠷ | ᠪᠡᠶᠡᠯᠡᠭᠳᠡᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠨ ᠭᠠᠷᠭᠠᠭᠰᠠᠨ ᠪᠠᠶᠢᠨ᠎ᠠ᠃ | ᠬᠤᠷᠠᠯ ᠠᠴᠠ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠰᠠᠶᠢᠲᠤᠷ ᠬᠢᠬᠦ ᠳᠤ ᠲᠤᠰ | ᠪᠡᠶ᠎ᠡ ᠶᠢᠨ ᠰᠤᠷᠤᠯᠴᠠᠯᠭ᠎ᠠ ᠪᠠᠨ ᠴᠢᠩᠭᠠᠳᠬᠠᠵᠤ᠂ ᠤᠨᠤᠯ ᠢᠶᠠᠷ ᠵᠡᠪᠰᠡᠭᠯᠡᠬᠦ ᠬᠦᠳᠦᠯᠦᠨ ᠳᠠᠭᠠᠭᠤᠯᠬᠤ ᠬᠦᠴᠦᠨ ᠢᠶᠠᠨ | ᠲᠠᠰᠤᠷᠠᠯᠲᠠ ᠦᠭᠡᠢ ᠴᠢᠩᠭᠠᠳᠬᠠᠵᠤ᠂ ︽ᠬᠤᠶᠠᠷ ᠢ ᠤᠶᠠᠯᠳᠤᠭᠤᠯᠬᠤ︾ ᠶᠢ ᠪᠠᠷᠢᠮᠲᠠᠯᠠᠵᠤ᠂ ᠰᠤᠷᠲᠠᠯ ᠤᠬᠠᠭᠤᠯᠭ᠎ᠠ | ᠦᠵᠡᠯ ᠰᠠᠨᠠᠭ᠎ᠠ ᠰᠣᠶᠣᠯ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠪᠤᠳᠤᠯ ᠢᠶᠠᠨ | ᠦᠨᠡᠨ ᠬᠦ ᠴᠢᠩᠭᠠᠳᠬᠠᠵᠤ᠂ ᠪᠦᠲᠦᠮᠵᠢᠲᠡᠢ ᠠᠵᠢᠯ ᠤᠨ ᠠᠷᠭ᠎ᠠ ᠬᠡᠮᠵᠢᠶ᠎ᠡ ᠶᠢ ᠰᠦᠪᠡᠭᠴᠢᠯᠡᠵᠦ᠂ ︽ᠲᠤᠯᠤᠭᠠᠨ ᠰᠢᠨ᠎ᠡ | ᠴᠢᠩᠱᠠᠨ︾ ᠶᠢ ᠪᠠᠶᠢᠭᠤᠯᠬᠤ ᠳᠤ ᠪᠠᠲᠤ ᠴᠢᠩᠭ᠎ᠠ ᠦᠵᠡᠯ ᠰᠠᠨᠠᠭᠠᠨ ᠤ ᠪᠠᠲᠤᠯᠠᠭ᠎ᠠ᠂ ᠬᠦᠴᠦᠷᠬᠡᠭ ᠶᠡᠭᠡ ᠤᠶᠤᠨ | ᠰᠠᠨᠠᠭᠠᠨ ᠤ ᠬᠦᠴᠦᠨ ᠴᠢᠳᠠᠯ ᠪᠣᠯᠤᠨ ᠠᠰᠢᠭᠲᠠᠢ ᠰᠣᠶᠣᠯ ᠤᠨ ᠨᠥᠬᠦᠴᠡᠯ ᠬᠠᠩᠭᠠᠬᠤ ᠬᠡᠷᠡᠭᠲᠡᠢ ᠭᠡᠵᠦ | ᠴᠢᠬᠤᠯᠠᠴᠢᠯᠠᠭᠰᠠᠨ ᠪᠠᠶᠢᠨ᠎ᠠ᠃ | | | | |