ᠵᠤᠤ ᠵᠢᠶᠠᠨ ᠭᠠᠩ      ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠲᠣᠭᠤᠷᠢᠭ ᠤᠨ ᠪᠠᠶᠢᠩᠭᠤ ᠶᠢᠨ ᠳᠡᠳ᠋ ᠳᠠᠷᠤᠭ᠎ᠠ
ᠨᠡᠶᠢᠲᠡᠯᠡᠭᠰᠡᠨ ᠴᠠᠭ᠄
2025/3/26
      ᠡᠷᠡᠭᠲᠡᠶ᠂ ᠬᠢᠲᠠᠳ ᠦᠨᠳᠦᠰᠦᠲᠡᠨ᠂ 1975 ᠣᠨ ᠤ 4 ᠰᠠᠷ᠎ᠠ ᠳᠤ ᠲᠦᠷᠦᠵᠠᠢ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠲᠣᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠵᠤ᠂ ᠲᠣᠭᠤᠷᠢᠭ ᠤᠨ ᠳᠠᠷᠤᠭ᠎ᠠ ᠶᠢ ᠬᠠᠮᠵᠢᠨ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ᠂ ᠲᠤᠭ᠎ᠠ ᠪᠦᠷᠢᠳᠬᠡᠯ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠬᠤᠪᠢᠳᠠᠨ ᠬᠠᠮᠢᠶᠠᠷᠬᠤ᠄ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ᠂ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠲᠣᠭᠤᠷᠢᠭ ᠤᠨ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ᠂ ᠲᠣᠭᠤᠷᠢᠭ ᠤᠨ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ ᠶᠢᠨ ᠦᠢᠯᠡᠴᠢᠯᠡᠭᠡᠨ ᠤ ᠲᠣᠪᠴᠢᠶ᠎ᠠ᠂ ᠲᠣᠭᠤᠷᠢᠭ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ ᠬᠡᠷ᠂ ᠲᠣᠭᠤᠷᠢᠭ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠬᠡᠷ︶᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ᠂ ᠲᠣᠭᠤᠷᠢᠭ ᠤᠨ ᠬᠠᠷᠢᠶ᠎ᠠ ᠪᠥᠬᠦᠶ ᠤᠯᠤᠰ ᠤᠨ ᠥᠮᠴᠢᠯᠡᠯᠲᠦ ᠠᠵᠤ ᠠᠬᠤᠶᠢᠯᠠᠯ᠃ ᠲᠣᠭᠤᠷᠢᠭ ᠤᠨ ᠳᠠᠷᠤᠭ᠎ᠠ ᠶᠢ ᠬᠠᠮᠵᠢᠨ ᠲᠣᠭᠤᠷᠢᠭ ᠤᠨ ᠬᠤᠳᠠᠯᠳᠤᠭᠠᠴᠢᠨ ᠤᠷᠢᠬᠤ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ ᠲᠣᠭᠤᠷᠢᠭ ᠤᠨ ᠬᠢᠨᠠᠨ ᠪᠣᠳᠣᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号