ᠴᠢᠩᠱᠠᠨ ᠲᠣᠭᠤᠷᠢᠭ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠳᠦᠷᠢᠮ ᠢ ᠨᠠᠶᠢᠳᠠᠪᠤᠷᠢᠵᠢᠭᠤᠯᠬᠤ | ᠡᠷᠴᠢᠮ ᠢ ᠤᠯᠠᠮ ᠨᠢᠭᠡ ᠠᠯᠬᠤᠮ ᠴᠢᠩᠭᠠᠳᠬᠠᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠡᠬᠢ ᠪᠠᠶᠠᠯᠢᠭ ᠢ | ᠰᠢᠨᠵᠢᠯᠡᠬᠦ ᠤᠬᠠᠭᠠᠨᠴᠢ ᠪᠠᠷ ᠬᠠᠮᠠᠭᠠᠯᠠᠨ ᠠᠰᠢᠭᠯᠠᠵᠤ᠂ ᠴᠢᠩᠱᠠᠨ ᠲᠣᠭᠤᠷᠢᠭ ᠤᠨ ᠠᠮᠢ ᠠᠬᠤᠢ ᠶᠢᠨ ᠪᠦᠲᠦᠭᠡᠨ | ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠤᠨ | ᠠᠵᠤ ᠠᠬᠤᠢ ᠨᠡᠶᠢᠭᠡᠮ ᠤᠨ ᠦᠷᠭᠦᠯᠵᠢᠯᠡᠨ ᠬᠥᠭᠵᠢᠬᠦ ᠶᠢ ᠠᠬᠢᠭᠤᠯᠬᠤ ᠶᠢᠨ ᠲᠥᠯᠥᠭᠡ᠂ ᠴᠢᠩᠱᠠᠨ ᠲᠣᠭᠤᠷᠢᠭ ᠤᠨ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠡᠯ᠎ᠡ ᠪᠠᠯᠭᠠᠰᠤ᠂ ᠬᠡᠷᠡᠭ ᠡᠷᠬᠢᠯᠡᠬᠦ ᠭᠠᠵᠠᠷ ᠤᠨ ᠪᠣᠳᠠᠲᠠᠢ | ᠪᠠᠶᠢᠳᠠᠯ ᠠᠴᠠ ᠡᠭᠦᠰᠴᠦ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠪᠡᠯᠴᠢᠭᠡᠷᠯᠡᠭᠦᠯᠬᠦ ᠶᠢ ᠴᠠᠭᠠᠵᠠᠯᠠᠬᠤ | ᠠᠵᠢᠯ ᠢ ᠨᠠᠶᠢᠲᠠᠪᠦᠷᠢᠵᠢᠭᠤᠯᠪᠠ᠃ | ᠠᠵᠢᠯᠲᠠᠳ ᠴᠢᠩ ᠹᠦ᠋ ᠪᠠᠯᠭᠠᠰᠤ᠂ ᠰᠢᠩ ᠱᠧᠩ ᠪᠠᠯᠭᠠᠰᠤᠨ ᠳᠤ ︽ᠬᠡᠪᠢᠰ ᠮᠠᠶ᠋ᠢᠭ︾ ᠢᠶᠠᠷ ᠡᠷᠦᠬᠡ ᠳᠤ | ᠣᠷᠣᠵᠤ ᠵᠢᠭᠰᠠᠭᠠᠨ ᠪᠠᠶᠢᠴᠠᠭᠠᠬᠤ ᠶᠢ ᠥᠷᠨᠢᠭᠦᠯᠵᠦ᠂ ᠬᠠᠷᠢᠶ᠎ᠠ ᠣᠷᠣᠨ ᠤ ᠳᠣᠲᠣᠷᠠᠬᠢ ᠲᠡᠵᠢᠭᠡᠨ ᠦᠷᠡᠵᠢᠭᠦᠯᠬᠦ | ᠡᠷᠦᠬᠡ ᠶᠢ ᠡᠷᠦᠬᠡ ᠳᠠᠷᠠᠭᠠᠯᠠᠨ ᠳᠡᠩᠰᠡᠯᠡᠵᠦ᠂ ᠲᠡᠵᠢᠭᠡᠨ ᠦᠷᠡᠵᠢᠭᠦᠯᠬᠦ ᠡᠷᠦᠬᠡ ᠶᠢᠨ ᠣᠪᠣᠭ ᠨᠡᠷ᠎ᠡ᠂ ᠮᠠᠯ ᠤᠨ ᠲᠥᠷᠥᠯ | ᠵᠦᠢᠯ᠂ ᠲᠤᠭ᠎ᠠ ᠬᠡᠮᠵᠢᠶ᠎ᠡ ᠵᠡᠷᠭᠡ ᠮᠡᠳᠡᠭᠡ ᠵᠠᠩᠭᠢ ᠶᠢ ᠪᠠᠭᠲᠠᠭᠠᠭᠰᠠᠨ ᠡᠯᠧᠺᠲᠷᠤᠨ ᠡᠬᠡ ᠲᠠᠩᠰᠠ ᠶᠢ ᠪᠠᠶᠢᠭᠤᠯᠪᠠ᠃ | ᠴᠢᠩᠱᠠᠨ ᠲᠣᠭᠤᠷᠢᠭ ᠡᠷᠦᠬᠡ ᠳᠤ ᠣᠷᠣᠵᠤ ᠤᠬᠠᠭᠤᠯᠬᠤ ᠠᠵᠢᠯ ᠢ ᠢᠳᠡᠪᠬᠢᠲᠡᠢ ᠥᠷᠨᠢᠭᠦᠯᠵᠦ᠂ | ᠬᠠᠷᠢᠭᠤᠴᠠᠯᠭᠠᠲᠤ ᠰᠠᠯᠠᠭ᠎ᠠ ᠮᠥᠴᠢᠷ ᠤᠨ ᠤᠳᠤᠷᠢᠳᠤᠯᠭ᠎ᠠ ᠪᠦᠯᠬᠦᠮ ᠳᠠᠭᠠᠭᠤᠯᠤᠨ ᠰᠤᠷᠪᠤᠯᠵᠢᠯᠠᠨ ᠪᠠᠶᠢᠴᠠᠭᠠᠬᠤ | ᠠᠵᠢᠯ ᠥᠷᠨᠢᠭᠦᠯᠵᠦ᠂ ᠲᠣᠰᠬᠤᠨ ᠤ ᠠᠷᠠᠳ ᠲᠠᠢ ᠨᠢᠭᠤᠷᠳᠠᠨ ᠶᠠᠷᠢᠯᠴᠠᠵᠤ᠂ ᠠᠷᠠᠳ ᠤᠨ ᠰᠠᠨᠠᠯ ᠢ ᠰᠣᠨᠣᠰᠴᠤ᠂ | ᠲᠣᠰᠬᠤᠨ ᠤ ᠠᠷᠠᠳ ᠤᠨ ᠠᠮᠢ ᠠᠬᠤᠢ ᠶᠢ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠬᠤ ᠶᠢ ᠰᠡᠩᠬᠡᠷᠡᠭᠦᠯᠬᠦ ᠪᠠ | ᠬᠥᠲᠥᠯᠥᠨ ᠳᠠᠭᠠᠭᠤᠯᠵᠤ᠂ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠪᠠ᠃ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠠᠯᠠᠨ ᠬᠠᠷ᠎ᠠ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠪᠤᠭᠤᠲᠤ ᠶᠢᠨ ᠬᠤᠪᠢᠶᠠᠷᠢ ᠲᠣᠪᠴᠢᠶ᠎ᠠ ᠶᠢᠨ ᠴᠢᠩᠱᠠᠨ | ᠬᠠᠮᠢᠶᠠᠷᠤᠯᠲᠠ ᠶᠢᠨ ᠥᠷᠲᠡᠭᠡ ᠲᠠᠢ ᠬᠠᠮᠲᠤᠷᠠᠨ ᠬᠠᠷᠢᠶ᠎ᠠ ᠣᠷᠣᠨ ᠤ ᠪᠠᠨ 18 ᠲᠣᠰᠬᠤᠨ᠂ 225 ᠲᠡᠵᠢᠭᠡᠨ | ᠦᠷᠡᠵᠢᠭᠦᠯᠬᠦ ᠡᠷᠦᠬᠡ ᠳᠤ ︽ᠪᠤᠭᠤᠲᠤ ᠬᠤᠲᠠ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠲᠦᠷᠢᠮ︾᠂ | ᠴᠢᠩᠱᠠᠨ ᠲᠣᠭᠤᠷᠢᠭ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠲᠠᠷ ᠬᠠᠭᠠᠯᠪᠤᠷᠢᠯᠠᠬᠤ ᠶᠢ ᠴᠠᠭᠠᠵᠠᠯᠠᠬᠤ | ᠤᠬᠠᠭᠤᠯᠭ᠎ᠠ ᠶᠢᠨ ᠵᠠᠷᠯᠠᠯ ᠲᠣᠰ ᠲᠣᠰ 500 ᠭᠠᠷᠤᠶ ᠬᠤᠪᠢ ᠤᠬᠠᠭᠤᠯᠵᠤ᠂ ᠠᠮᠠᠯᠠᠯᠲᠠ ᠶᠢᠨ ᠪᠢᠴᠢᠭ᠂ | ᠪᠡᠯᠴᠢᠭᠡᠷᠯᠡᠭᠦᠯᠬᠦ ᠶᠢ ᠴᠠᠭᠠᠵᠠᠯᠠᠬᠤ ᠮᠡᠳᠡᠭᠳᠡᠯ ᠤᠨ ᠪᠢᠴᠢᠭ ᠨᠡᠶᠢᠲᠡ 225 ᠬᠤᠪᠢ ᠲᠠᠷᠬᠠᠭᠠᠪᠠ᠃ | ᠲᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ | ᠠᠮᠢ ᠠᠬᠤᠶ ᠶᠢ ᠰᠡᠷᠭᠦᠭᠡᠬᠦ ᠪᠠ ᠲᠠᠷᠢᠶᠠᠴᠢᠳ ᠤᠨ ᠠᠰᠢᠭ ᠲᠤᠰᠠ ᠶᠢ ᠬᠠᠮᠲᠤ ᠳᠤᠨᠢ ᠬᠠᠷᠠᠭᠠᠯᠵᠠᠬᠤ ᠶᠢ | ᠤᠶᠠᠯᠳᠤᠭᠤᠯᠬᠤ ᠶᠢ ᠦᠷᠭᠦᠯᠵᠢᠯᠡᠨ ᠪᠠᠷᠢᠮᠲᠠᠯᠠᠵᠤ᠂ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ | ᠳᠡᠪᠰᠢᠭᠦᠯᠬᠦ ᠶᠢ ᠠᠬᠢᠭᠤᠯᠵᠤ᠂ ᠳᠡᠭᠡᠳᠦ ᠱᠠᠲᠤᠨ ᠤ ᠰᠠᠯᠠᠭ᠎ᠠ ᠮᠥᠴᠢᠷ ᠠᠴᠠ ᠨᠡᠶᠢᠲᠡᠯᠡᠭᠰᠡᠨ ᠲᠥᠷᠥ ᠶᠢᠨ | ᠪᠣᠳᠣᠯᠭ᠎ᠠ ᠪᠠᠷ ᠳᠠᠮᠵᠢᠭᠤᠯᠤᠨ ᠮᠠᠯᠴᠢᠨ ᠲᠠᠷᠢᠶᠠᠴᠢᠳ ᠢ ᠬᠥᠲᠥᠯᠥᠨ ᠵᠢᠯᠣᠭᠤᠳᠴᠤ ᠪᠠᠶᠢᠭᠠᠳ ᠵᠣᠬᠢᠬᠤ | ᠬᠡᠪᠴᠢᠶᠡᠨ ᠤ ᠦᠬᠡᠷ ᠬᠤᠨᠢ ᠶᠢ ᠨᠢ ᠪᠤᠷᠳᠤᠨ ᠲᠠᠷᠭᠤᠯᠠᠭᠤᠯᠵᠤ᠂ ᠲᠡᠵᠢᠭᠡᠨ ᠦᠷᠡᠵᠢᠭᠦᠯᠬᠦ ᠮᠡᠷᠭᠡᠵᠢᠯ ᠤᠨ | ᠵᠢᠯᠣᠭᠤᠳᠣᠯᠭ᠎ᠠ ᠶᠢ ᠴᠢᠩᠭᠠᠳᠬᠠᠨ᠂ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠢ ᠪᠠᠭᠤᠷᠠᠭᠤᠯᠵᠤ᠂ ᠬᠠᠰᠢᠶᠠᠯᠠᠨ | ᠲᠡᠵᠢᠭᠡᠬᠦ ᠶᠢ ᠢᠳᠡᠪᠬᠢᠲᠡᠢ ᠴᠢᠩᠭᠠᠳᠬᠠᠨ᠂ ᠬᠠᠰᠢᠶᠠᠯᠠᠨ ᠲᠡᠵᠢᠭᠡᠬᠦ ᠶᠢ ᠠᠬᠢᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ | ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠵᠤ᠂ ᠪᠦᠬᠦ ᠲᠤᠭᠤᠷᠢᠭ ᠤᠨ ᠨᠤᠲᠤᠭ ᠪᠡᠯᠴᠢᠭᠡᠷ ᠤᠨ | ᠶᠠᠰᠤ ᠴᠢᠨᠠᠷ ᠢ ᠢᠯᠡᠳᠲᠡ ᠳᠡᠭᠡᠭᠰᠢᠯᠡᠭᠦᠯᠦᠨ᠎ᠡ᠃ | | | | |