ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠡᠷᠬᠡ | ᠠᠰᠢᠭ ᠢ ᠬᠠᠮᠠᠭᠠᠯᠠᠬᠤ ᠦᠢᠯᠡᠴᠢᠯᠡᠭᠡᠨ ᠤ ᠲᠥᠪ ᠢᠮᠠᠭᠲᠠ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ | ᠲᠣᠭᠲᠠᠭᠤᠨ ᠬᠥᠭᠵᠢᠯᠲᠡ ᠶᠢ ᠪᠠᠲᠤᠯᠠᠬᠤ ᠪᠠᠷ ᠭᠤᠣᠯ ᠡᠭᠦᠷᠭᠡ ᠪᠣᠯᠭᠠᠵᠤ᠂ ᠤᠯᠠᠨ ᠲᠠᠯ᠎ᠠ ᠠᠴᠠ ᠬᠦᠴᠦᠯᠡᠵᠦ᠂ | ᠣᠨᠴᠠᠭᠠᠶᠢᠯᠠᠨ ︽ᠬᠠᠤᠯᠢᠵᠢᠯ ᠤᠨ ᠬᠢᠨᠠᠯᠲᠠ ᠬᠠᠮᠢᠶᠠᠷᠤᠯᠲᠠ︾ ᠵᠢᠴᠢ ︽ᠬᠠᠯᠠᠮᠰᠢᠯ ᠠᠰᠠᠭᠤᠳᠠᠯ ᠬᠦᠴᠢᠷ ᠠᠰᠠᠭᠤᠳᠠᠯ︾ | ᠢ ᠰᠢᠢᠳᠪᠦᠷᠢᠯᠡᠬᠦ ᠲᠠᠯ᠎ᠠ ᠪᠠᠷ ᠦᠷ᠎ᠡ ᠪᠦᠲᠦᠮᠵᠢ ᠳᠤᠪᠤᠶᠢᠮ᠎ᠠ ᠪᠠᠶᠢᠵᠤ᠂ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠢ᠃ | ᠨᠢᠭᠡ ᠳᠤ ᠬᠠᠤᠯᠢ ᠴᠠᠭᠠᠵᠠ ᠶᠢᠨ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢᠨ | ᠰᠢᠨ᠎ᠡ ᠶᠢ ᠡᠭᠦᠳᠦᠨ᠎ᠡ᠃ ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠲᠥᠪ ᠲᠤᠰᠬᠠᠶ ᠮᠡᠷᠭᠡᠵᠢᠯ ᠤᠨ ᠬᠠᠤᠯᠢ | ᠴᠠᠭᠠᠵᠠ ᠶᠢᠨ ᠪᠦᠯᠬᠦᠮ ᠲᠠᠢ ᠬᠠᠮᠵᠢᠯᠴᠠᠨ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠭᠡᠷ᠎ᠡ ᠶᠢᠨ | ᠵᠢᠭᠤᠷᠠᠯᠳᠤᠭᠠᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠷᠬᠡ ᠳᠤ ᠬᠠᠯᠳᠠᠬᠤ᠂ ᠬᠥᠳᠡᠯᠮᠦᠷᠢ | ᠬᠦᠴᠦ ᠬᠡᠷᠡᠭᠯᠡᠬᠦ ᠵᠡᠷᠭᠡ ᠪᠠᠶᠢᠩᠭᠤ ᠲᠣᠬᠢᠶᠠᠯᠳᠤᠳᠠᠭ ᠬᠠᠤᠯᠢ ᠴᠠᠭᠠᠵᠠ ᠶᠢᠨ ᠠᠶᠤᠯ ᠲᠦᠭᠰᠢᠭᠦᠷᠢ ᠳᠤ ᠴᠢᠭᠯᠡᠭᠦᠯᠦᠨ᠂ | ᠪᠠᠶᠢᠩᠭᠤᠵᠢᠭᠰᠠᠨ ᠬᠠᠤᠯᠢ ᠴᠠᠭᠠᠵᠠ ᠶᠢᠨ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠰᠠᠨᠠᠭᠤᠯᠤᠮᠵᠢ ᠶᠢ | ᠥᠷᠨᠢᠭᠦᠯᠪᠡ᠃ ᠲᠣᠮᠣ ᠳ᠋ᠠᠶᠢᠲ᠋ᠠ ᠶᠢᠨ ᠵᠠᠳᠠᠯᠤᠯᠲᠠ ᠶᠢ ᠠᠰᠢᠭᠯᠠᠨ᠂ ᠠᠵᠤ ᠠᠬᠤᠶᠢᠯᠠᠯ ᠤᠨ ᠡᠵᠡᠩᠨᠡᠯᠲᠡ ᠶᠢᠨ ᠲᠤᠭ᠎ᠠ | ᠪᠠᠷᠢᠮᠲᠠ ᠬᠢᠭᠡᠳ ᠠᠵᠢᠯ ᠲᠥᠷᠥᠯ ᠤᠨ ᠬᠥᠳᠡᠯᠦᠯ ᠪᠠᠶᠢᠳᠠᠯ ᠢ ᠴᠠᠭ ᠲᠤᠬᠠᠶ ᠳᠤᠨᠢ ᠬᠢᠨᠠᠨ ᠬᠡᠮᠵᠢᠵᠦ᠂ ᠳᠠᠯᠳᠠ ᠬᠠᠤᠯᠢ | ᠴᠠᠭᠠᠵᠠ ᠶᠢᠨ ᠲᠦᠭᠰᠢᠭᠦᠷᠢ ᠶᠢᠨ ᠰᠠᠨᠠᠭᠤᠯᠭ᠎ᠠ ᠶᠢ ᠣᠨᠣᠪᠴᠢᠲᠠᠶ ᠳᠠᠮᠵᠢᠭᠤᠯᠤᠨ ᠬᠦᠷᠭᠡᠨ᠎ᠡ᠃ ᠣᠲᠣ ᠪᠣᠯᠲᠠᠯ᠎ᠠ᠂ | ᠲᠤᠭᠤᠷᠢᠭ ᠤᠨ ᠳᠣᠲᠣᠷᠠᠬᠢ 5 ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠲᠦᠭᠰᠢᠭᠦᠷᠢ ᠶᠢ ᠤᠷᠢᠳᠴᠢᠯᠠᠨ | ᠰᠡᠷᠡᠮᠵᠢᠯᠡᠭᠦᠯᠬᠦ ᠮᠡᠳᠡᠭᠡ ᠵᠠᠩᠭᠢ ᠶᠢ 15 ᠵᠤᠷᠪᠤᠰ ᠬᠦᠷᠭᠡᠵᠦ᠂ ᠠᠵᠤ ᠠᠬᠤᠶᠢᠯᠠᠯ ᠤᠨ ᠮᠠᠰᠢ ᠣᠯᠠᠨ ᠬᠠᠤᠯᠢ | ᠴᠠᠭᠠᠵᠠ ᠶᠢᠨ ᠲᠦᠭᠰᠢᠭᠦᠷᠢ ᠠᠴᠠ ᠠᠮᠵᠢᠯᠲᠠ ᠲᠠᠢ ᠵᠠᠶᠢᠯᠠᠬᠤ ᠳᠤ ᠬᠦᠴᠦᠨ ᠨᠡᠮᠡᠷᠢᠯᠡᠨ᠎ᠡ᠃ | ᠬᠤᠶᠠᠷ ᠲᠤ ᠬᠠᠤᠯᠢ ᠴᠠᠭᠠᠵᠠ ᠶᠢᠨ ᠰᠤᠷᠭᠠᠯᠲᠠ ᠶᠢ ᠲᠤᠭᠲᠠᠭᠠᠨ᠎ᠠ᠃ ᠠᠳᠠᠯᠢ ᠪᠤᠰᠤ ᠠᠵᠢᠯ ᠲᠥᠷᠥᠯ᠂ | ᠬᠡᠪᠴᠢᠶ᠎ᠡ ᠲᠠᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠠᠤᠯᠢ ᠴᠠᠭᠠᠵᠠ ᠶᠢᠨ ᠬᠡᠷᠡᠭᠴᠡᠭᠡ | ᠱᠠᠭᠠᠷᠳᠠᠯᠭ᠎ᠠ ᠶᠢ ᠦᠨᠳᠦᠰᠦᠯᠡᠨ᠂ ᠬᠠᠤᠯᠢ ᠴᠠᠭᠠᠵᠠ ᠶᠢᠨ ᠪᠣᠯᠪᠠᠰᠤᠷᠠᠭᠤᠯᠤᠯ ᠤᠨ ᠬᠢᠴᠢᠶᠡᠯ ᠢ ᠵᠣᠬᠢᠶᠠᠨ ᠪᠠᠶᠢᠭᠤᠯᠤᠨ | ᠲᠣᠭᠲᠠᠭᠠᠨ᠎ᠠ᠃ ᠦᠢᠯᠡᠳᠬᠡᠯ ᠤᠨ ᠦᠢᠯᠡᠰ᠂ ᠦᠢᠯᠡᠴᠢᠯᠡᠭᠡᠨ ᠤ ᠦᠢᠯᠡᠰ᠂ ᠰᠢᠨ᠎ᠡ ᠪᠠᠷ ᠬᠥᠭᠵᠢᠭᠰᠡᠨ ᠰᠢᠨᠵᠢᠯᠡᠬᠦ | ᠤᠬᠠᠭᠠᠨ ᠮᠡᠷᠭᠡᠵᠢᠯ ᠤᠨ ᠠᠵᠤ ᠦᠢᠯᠡᠰ ᠵᠡᠷᠭᠡ ᠬᠦᠷᠢᠶ᠎ᠡ ᠶᠢ ᠬᠠᠮᠤᠷᠴᠤ᠂ ᠪᠣᠯᠪᠠᠰᠤᠷᠠᠭᠤᠯᠤᠯ ᠤᠨ ᠠᠭᠤᠯᠭ᠎ᠠ ᠳᠤ | ᠬᠠᠤᠯᠢ ᠴᠠᠭᠠᠵᠠ ᠬᠠᠤᠯᠢ ᠲᠣᠭᠲᠠᠭᠠᠯ ᠤᠨ ᠲᠠᠶᠢᠯᠤᠮᠵᠢ ᠬᠢᠭᠰᠡᠨ ᠢᠶᠠᠷ ᠪᠠᠷᠠᠬᠤ ᠥᠬᠡᠶ᠂ ᠪᠠᠰᠠ ᠪᠣᠳᠠᠲᠤ ᠬᠡᠷᠡᠭ ᠤᠨ | ᠵᠢᠱᠢᠶ᠎ᠡ ᠲᠠᠢ ᠤᠶᠠᠯᠳᠤᠭᠤᠯᠤᠨ ᠠᠵᠤ ᠠᠬᠤᠶᠢᠯᠠᠯ ᠤᠨ ᠡᠳᠦᠷ ᠲᠤᠲᠤᠮ ᠤᠨ ᠲᠣᠭᠲᠠᠭᠠᠯ ᠳᠤ ᠨᠡᠶᠢᠴᠡᠭᠦᠯᠦᠨ | ᠡᠵᠡᠩᠨᠡᠬᠦ ᠶᠢ ᠵᠢᠯᠣᠭᠤᠳᠪᠠ᠃ ᠪᠣᠯᠪᠠᠰᠤᠷᠠᠭᠤᠯᠤᠯ ᠤᠨ ᠳᠠᠷᠠᠭ᠎ᠠ᠂ ᠠᠵᠤ ᠠᠬᠤᠶᠢᠯᠠᠯ ᠤᠨ ᠬᠠᠤᠯᠢ ᠴᠠᠭᠠᠵᠠ ᠶᠢᠨ | ᠲᠣᠭᠲᠠᠭᠠᠯ ᠳᠤ ᠨᠡᠶᠢᠴᠡᠬᠦ ᠦᠵᠡᠯ ᠤᠬᠠᠮᠰᠠᠷ ᠢ ᠢᠯᠡᠳᠲᠡ ᠳᠡᠭᠡᠭᠰᠢᠯᠡᠭᠦᠯᠵᠦ᠂ ᠬᠠᠮᠢᠶ᠎ᠠ ᠪᠥᠬᠦᠶ ᠬᠠᠤᠯᠢ ᠴᠠᠭᠠᠵᠠ ᠶᠢᠨ | ᠵᠢᠭᠤᠷᠠᠯᠳᠤᠭᠠᠨ ᠤ ᠡᠭᠦᠰᠬᠦ ᠨᠣᠷᠮ᠎ᠠ ᠶᠢ ᠳᠡᠭᠡᠷ᠎ᠡ ᠵᠢᠯ ᠤᠨ ᠬᠢ ᠠᠴᠠ 15% ᠪᠠᠷ ᠪᠠᠭᠤᠷᠠᠭᠤᠯᠤᠨ᠎ᠠ᠃ | ᠭᠤᠷᠪᠠ ᠳᠤ ᠬᠥᠯᠥᠰᠥᠨ ᠠᠵᠢᠯᠴᠢᠨ ᠤ ᠡᠷᠬᠡ ᠠᠰᠢᠭ ᠢ ᠪᠠᠲᠤᠯᠠᠵᠤ᠂ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠲᠥᠷᠥᠯ ᠵᠦᠢᠯ ᠢ ᠠᠬᠢᠭᠤᠯᠬᠤ ᠳᠤ ᠬᠦᠴᠦᠨ ᠨᠡᠮᠡᠷᠢᠯᠡᠨ᠎ᠡ᠃ ᠡᠬᠢ ᠡᠭᠦᠰᠦᠯ ᠠᠴᠠ ᠨᠢ ᠰᠡᠷᠭᠡᠶᠢᠯᠡᠬᠦ | ᠲᠣᠭᠲᠠᠴᠠ ᠶᠢ ᠴᠢᠩᠭᠠᠳᠬᠠᠨ᠎ᠠ᠃ ᠠᠵᠢᠯ ᠡᠬᠢᠯᠡᠭᠦᠯᠦᠭᠰᠡᠨ ᠪᠣᠶ ᠪᠥᠬᠦᠶ ᠲᠥᠷᠥᠯ ᠵᠦᠢᠯ ᠢ ᠲᠠᠯᠠᠪᠠᠶ ᠳᠤ | ᠣᠷᠣᠭᠤᠯᠬᠤ ᠠᠴᠠ ᠡᠮᠦᠨ᠎ᠡ ᠬᠥᠯᠥᠰᠥᠨ ᠠᠵᠢᠯᠴᠢᠨ ᠤ ᠴᠠᠯᠢᠩ ᠤᠨ ᠲᠤᠰᠬᠠᠶ ᠲᠠᠩᠰᠠᠨ ᠡᠷᠦᠬᠡ ᠶᠢ ᠪᠠᠶᠢᠭᠤᠯᠬᠤ᠂ | ᠬᠥᠳᠡᠯᠮᠦᠷᠢ ᠶᠢᠨ ᠭᠡᠷ᠎ᠡ ᠶᠢ ᠳᠠᠩᠰᠠᠯᠠᠭᠤᠯᠬᠤ ᠵᠢᠴᠢ ᠠᠵᠢᠯᠴᠢᠨ ᠬᠡᠷᠡᠭᠯᠡᠬᠦ ᠦᠨᠡᠨ ᠨᠡᠷ᠎ᠡ ᠶᠢᠨ ᠲᠦᠷᠢᠮ ᠤᠨ | ᠳᠡᠩᠰᠡᠯᠡᠯᠲᠡ ᠶᠢ ᠪᠡᠶᠡᠯᠡᠭᠦᠯᠵᠦ᠂ ᠠᠵᠢᠯᠴᠢᠨ ᠬᠡᠷᠡᠭᠯᠡᠬᠦ ᠶᠢ ᠵᠢᠷᠤᠮᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ | ᠱᠠᠭᠠᠷᠳᠠᠪᠠ᠃ ᠡᠭᠦᠨ ᠤ ᠬᠠᠮᠲᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠰᠠᠯᠠᠭ᠎ᠠ ᠮᠥᠴᠢᠷ ᠲᠠᠢ ᠬᠠᠮᠲᠤᠷᠠᠨ ᠪᠠᠷᠢᠯᠭ᠎ᠠ ᠶᠢᠨ ᠠᠵᠤ ᠠᠬᠤᠶᠢᠯᠠᠯ ᠳᠤ ︽ᠠᠵᠢᠯ ᠡᠬᠢᠯᠡᠭᠦᠯᠬᠦ ᠠᠩᠬᠠᠨ ᠤ ᠬᠢᠴᠢᠶᠡᠯ︾ | ᠤᠨ ᠬᠠᠤᠯᠢ ᠲᠦᠭᠡᠮᠡᠯᠵᠢᠭᠦᠯᠬᠦ ᠪᠣᠯᠪᠠᠰᠤᠷᠠᠭᠤᠯᠤᠯ ᠢ 3 ᠤᠳᠠᠭ᠎ᠠ ᠥᠷᠨᠢᠭᠦᠯᠵᠦ᠂ ︽ᠬᠥᠯᠥᠰᠥᠨ ᠠᠵᠢᠯᠴᠢᠨ ᠤ | ᠴᠠᠯᠢᠩ ᠥᠭᠬᠦ ᠶᠢ ᠪᠠᠲᠤᠯᠠᠬᠤ ᠲᠦᠷᠢᠮ︾ ᠵᠢᠴᠢ ᠡᠷᠬᠡ ᠪᠠᠨ ᠬᠠᠮᠠᠭᠠᠯᠠᠬᠤ ᠠᠷᠭ᠎ᠠ ᠵᠠᠮ ᠢ ᠭᠤᠤᠯᠳᠠᠯᠭ᠎ᠠ ᠲᠠᠢ | ᠤᠬᠠᠭᠤᠯᠤᠨ ᠲᠠᠶᠢᠯᠪᠤᠷᠢᠯᠠᠪᠠ᠃ ᠡᠷᠬᠡ ᠠᠰᠢᠭ ᠢᠶᠠᠨ ᠬᠠᠮᠠᠭᠠᠯᠠᠬᠤ ᠦᠢᠯᠡᠴᠢᠯᠡᠭᠡᠨ ᠤ ᠠᠷᠭ᠎ᠠ ᠵᠠᠮ ᠢ ᠰᠠᠭᠠᠳ ᠦᠭᠡᠢ | ᠨᠡᠪᠲᠡᠷᠡᠭᠦᠯᠦᠨ᠎ᠡ᠃ ︽ᠰᠦᠯᠵᠢᠶᠡᠨ ᠳᠡᠭᠡᠷᠡᠬᠢ + ᠰᠦᠯᠵᠢᠶᠡᠨ ᠭᠠᠳᠠᠨᠠᠬᠢ︾ ᠬᠤᠤᠰ ᠵᠠᠮ ᠢ ᠨᠡᠪᠲᠡᠷᠡᠭᠦᠯᠵᠦ᠂ | ᠡᠷᠬᠡ ᠪᠠᠨ ᠬᠠᠮᠠᠭᠠᠯᠠᠬᠤ ᠦᠢᠯᠡᠴᠢᠯᠡᠭᠡᠨ ᠤ ︽ᠬᠤᠶᠠᠷ ᠬᠡᠮᠵᠢᠯᠳᠦ ᠺᠣᠳ᠋︾ ᠵᠢᠴᠢ ᠵᠠᠭᠠᠯᠳᠤᠯᠭ᠎ᠠ ᠶᠢᠨ ᠬᠠᠯᠠᠮᠰᠢᠯ | ᠤᠲᠠᠰᠤ ᠪᠠᠷ ᠳᠠᠮᠵᠢᠭᠤᠯᠤᠨ᠂ 24 ᠴᠠᠭ ᠤᠨ ᠵᠠᠭᠠᠯᠳᠤᠵᠤ ᠢᠯᠡᠴᠢᠯᠡᠨ ᠮᠡᠳᠡᠭᠦᠯᠬᠦ᠂ ᠠᠰᠠᠭᠤᠨ ᠯᠠᠪᠯᠠᠬᠤ ᠴᠢᠳᠠᠮᠵᠢ ᠶᠢ | ᠬᠠᠩᠭᠠᠨ᠎ᠠ᠃ ︽ᠠᠩᠬ᠎ᠠ ᠠᠰᠠᠭᠤᠬᠤ ᠬᠠᠷᠢᠭᠤᠴᠠᠯᠭ᠎ᠠ ᠶᠢᠨ ᠳᠦᠷᠢᠮ︾ ᠢ ᠬᠡᠷᠡᠭᠵᠢᠭᠦᠯᠵᠦ᠂ ᠵᠠᠭᠠᠯᠳᠤᠯᠭ᠎ᠠ ᠶᠢ ᠬᠦᠯᠢᠶᠡᠨ | ᠠᠪᠤᠭᠰᠠᠨ ᠤ ᠳᠠᠷᠠᠭ᠎ᠠ 2 ᠴᠠᠭ ᠤᠨ ᠳᠣᠲᠣᠷ᠎ᠠ ᠴᠤᠤᠷᠢᠶᠠᠲᠤᠨ ᠳᠠᠭᠠᠵᠤ᠂ ᠪᠤᠳᠤᠯᠢᠶᠠᠨᠲᠠᠢ ᠬᠡᠷᠡᠭ ᠲᠤ ︽ᠨᠢᠭᠡ | ᠬᠡᠷᠡᠭ ᠲᠤ ᠨᠢᠭᠡ ᠲᠤᠰᠬᠠᠢ ᠠᠩᠭᠢ︾ ᠶᠢ ᠮᠥᠷᠳᠡᠨ ᠰᠢᠢᠳᠪᠦᠷᠢᠯᠡᠬᠦ ᠶᠢ ᠬᠡᠷᠡᠭᠵᠢᠭᠦᠯᠬᠦ ᠬᠡᠷᠡᠭᠲᠡᠢ ᠭᠡᠵᠦ ᠱᠠᠭᠠᠷᠳᠠᠪᠠ᠃ | ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠵᠦ ᠬᠠᠮᠵᠢᠯᠴᠠᠬᠤ ᠶᠢ ᠭᠦᠨᠵᠡᠭᠡᠶᠢᠷᠡᠭᠦᠯᠦᠨ᠎ᠡ᠃ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠳᠣᠲᠣᠭᠠᠳᠤ ᠶᠢ ᠬᠠᠮᠠᠭᠠᠯᠠᠬᠤ᠂ ᠰᠢᠭᠦᠬᠦ ᠬᠤᠷᠢᠶ᠎ᠠ᠂ | ᠠᠵᠢᠯᠴᠢᠨ ᠤ ᠡᠪᠯᠡᠯ ᠵᠡᠷᠭᠡ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠴᠠᠯᠢᠩ | ᠥᠷᠢᠲᠦᠬᠦ᠂ ᠠᠵᠢᠯ ᠠᠴᠠ ᠪᠣᠯᠤᠭᠰᠠᠨ ᠭᠡᠮᠲᠦᠯ ᠵᠡᠷᠭᠡ ᠬᠡᠷᠡᠭ ᠲᠤ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ | ᠬᠠᠮᠲᠤᠷᠠᠨ ᠪᠣᠯᠵᠣᠨ ᠶᠠᠷᠢᠯᠴᠠᠬᠤ᠂ ᠲᠦᠷᠭᠡᠨ ᠬᠡᠷᠡᠭᠵᠢᠭᠦᠯᠬᠦ ᠶᠢ ᠬᠡᠷᠡᠭᠵᠢᠭᠦᠯᠦᠨ᠎ᠡ᠃ ᠭᠤᠤᠯᠳᠠᠯᠭ᠎ᠠ ᠲᠠᠢ ᠪᠠᠷᠢᠯᠭ᠎ᠠ ᠳᠤ | ︽ᠫᠠᠶᠢᠰᠠ ᠡᠯᠭᠦᠨ ᠬᠢᠨᠠᠯᠲᠠ ᠲᠠᠯᠪᠢᠬᠤ︾ ᠶᠢ ᠬᠡᠷᠡᠭᠵᠢᠭᠦᠯᠵᠦ᠂ ᠬᠠᠷᠢᠭᠤᠴᠠᠯᠭᠠᠲᠤ ᠨᠢᠭᠡᠴᠢ ᠠᠴᠠ ᠠᠵᠢᠯᠴᠢᠨ | ᠬᠡᠷᠡᠭᠯᠡᠬᠦ ᠡᠬᠡ ᠳᠠᠩᠰᠠ ᠶᠢ ᠲᠣᠭᠲᠠᠮᠠᠯ ᠬᠤᠭᠤᠴᠠᠭ᠎ᠠ ᠲᠠᠢ ᠪᠠᠷ ᠢᠯᠡ ᠨᠡᠶᠢᠲᠡᠯᠡᠨ᠎ᠡ᠃ | ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠡᠷᠬᠡ ᠶᠢ ᠬᠠᠮᠠᠭᠠᠯᠠᠬᠤ ᠦᠢᠯᠡᠴᠢᠯᠡᠭᠡᠨ ᠤ ᠲᠥᠪ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠶᠠᠪᠤᠴᠠ ᠳᠤ᠂ ᠬᠠᠤᠯᠢᠵᠢᠯ ᠤᠨ ᠬᠢᠨᠠᠯᠲᠠ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠪᠠ | ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠬᠦ ᠳᠤ ᠲᠦᠰᠢᠭᠯᠡᠵᠦ᠂ ᠰᠢᠯᠢᠳᠡᠭ ᠰᠠᠶᠢᠨ | ᠬᠥᠭᠵᠢᠯᠲᠡ ᠶᠢᠨ ᠣᠷᠴᠢᠨ ᠲᠣᠭᠤᠷᠢᠨ ᠢ ᠪᠤᠢ ᠪᠣᠯᠭᠠᠪᠠ᠃ ᠢᠷᠡᠭᠡᠳᠦᠢ ᠳᠤ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ | ᠡᠭᠦᠳᠬᠦ ᠶᠢ ᠦᠷᠭᠦᠯᠵᠢᠯᠡᠨ ᠰᠦᠪᠡᠭᠴᠢᠯᠡᠵᠦ᠂ ᠴᠢᠩᠱᠠᠨ ᠲᠣᠭᠤᠷᠢᠭ ᠤᠨ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢᠨ ᠬᠥᠭᠵᠢᠯ ᠴᠡᠴᠡᠭᠯᠡᠯ ᠳᠤ ᠨᠡᠩ ᠤᠯᠠᠨ ᠬᠦᠴᠦᠨ ᠴᠢᠳᠠᠯ ᠢᠶᠠᠨ ᠡᠷᠭᠦᠨ᠎ᠡ᠃ | | | | | | | | |