3 ᠰᠠᠷ᠎ᠠ ᠶᠢᠨ 27 ᠤ ᠡᠳᠦᠷ᠂ ᠴᠢᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ | ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ᠂ ᠲᠤᠨᠤᠭ ᠲᠦᠭᠦᠭᠡᠷᠦᠮᠵᠢ ᠬᠦᠷᠢᠶᠡᠯᠡᠩ ᠲᠣᠭᠤᠷᠢᠭ ᠤᠨ | ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠠᠩ ᠴᠢᠶᠠᠩ ᠴᠢᠩᠱᠠᠨ | ᠲᠣᠭᠤᠷᠢᠭ ᠤᠨ 2025 ᠣᠨ ᠤ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ ᠨᠡᠶᠢᠭᠡᠮ ᠤᠨ ᠠᠵᠢᠯ᠂ | ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠠᠷᠢᠨ | ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠪᠤᠭᠤᠲᠤ ᠬᠤᠳᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ᠂ ᠤᠬᠠᠭᠤᠯᠬᠤ᠂ | ᠨᠢᠭᠡᠳᠦᠮᠡᠯ ᠹᠷᠣᠨᠲ᠂ ᠨᠡᠶᠢᠭᠡᠮ ᠤᠨ ᠠᠵᠢᠯ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠩᠭᠡᠷᠡᠭᠰᠡᠨ ᠨᠢᠭᠡ ᠵᠢᠯ ᠤᠨ ᠠᠵᠢᠯ ᠤᠨ ᠦᠷ᠎ᠡ ᠪᠦᠲᠦᠮᠵᠢ ᠪᠠᠨ ᠳ᠋ᠦᠩᠨᠡᠵᠦ᠂ | ᠪᠦᠬᠦ ᠲᠤᠭᠤᠷᠢᠭ ᠤᠨ ᠪᠦᠬᠦ ᠵᠢᠯ ᠤᠨ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ | ᠲᠣᠭᠤᠷᠢᠭ ᠤᠨ ᠤᠳᠤᠷᠢᠳᠤᠯᠭ᠎ᠠ ᠪᠥᠸᠧ ᠺᠧ᠂ ᠯᠢ ᠨᠠ᠂ ᠯᠢ ᠶᠦᠩ ᠭᠠᠩ ᠬᠤᠷᠠᠯ ᠳᠤ ᠣᠷᠣᠯᠴᠠᠵᠤ᠂ ᠪᠦᠬᠦ | ᠲᠣᠭᠤᠷᠢᠭ ᠤᠨ ᠡᠯ᠎ᠡ ᠰᠠᠯᠠᠭ᠎ᠠ ᠮᠥᠴᠢᠷ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃ | ᠬᠤᠷᠠᠯ ᠠᠴᠠ᠂ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ ᠨᠡᠶᠢᠭᠡᠮ ᠤᠨ ᠠᠵᠢᠯ᠂ ᠤᠯᠤᠰ ᠲᠦᠷᠦ | ᠬᠠᠤᠯᠢ ᠴᠠᠭᠠᠵᠠ ᠶᠢᠨ ᠰᠠᠯᠠᠭ᠎ᠠ ᠮᠥᠴᠢᠷ ᠤᠨ ᠬᠢᠨ ᠪᠦᠬᠦ ᠲᠤᠭᠤᠷᠢᠭ ᠤᠨ ᠬᠥᠭᠵᠢᠯᠲᠡ ᠶᠢᠨ ᠭᠤᠣᠯ ᠬᠦᠴᠦᠨ | ᠪᠣᠯᠤᠭᠰᠠᠨ ᠤ ᠬᠤᠪᠢ ᠳᠤ᠂ ᠲᠤᠰ ᠪᠡᠶ᠎ᠡ ᠶᠢᠨ ᠠᠵᠢᠯ ᠤᠨ ᠲᠦᠢᠯ ᠤᠨ ᠴᠢᠬᠤᠯᠠ ᠴᠢᠨᠠᠷ ᠢ ᠨᠡᠩ ᠭᠦᠨᠵᠡᠭᠡᠢ ᠲᠠᠨᠢᠵᠤ᠂ | ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠪᠤᠳᠤᠯ ᠢᠶᠠᠨ ᠴᠢᠩᠭᠠᠳᠬᠠᠵᠤ᠂ ᠪᠦᠬᠦ ᠲᠤᠭᠤᠷᠢᠭ ᠤᠨ ᠪᠦᠳᠦᠭᠡᠨ | ᠪᠠᠶᠢᠭᠤᠯᠵᠤ ᠬᠥᠭᠵᠢᠭᠦᠯᠬᠦ ᠦᠢᠯᠡᠰ ᠤᠨ ᠲᠠᠭᠠᠭᠤᠯᠤᠭᠴᠢ ᠶᠢᠨ ᠦᠢᠯᠡᠳᠦᠯ ᠢ ᠦᠷᠭᠦᠯᠵᠢᠯᠡᠨ ᠪᠠᠳᠠᠷᠠᠭᠤᠯᠬᠤ ᠬᠡᠷᠡᠭᠲᠡᠢ᠃ | ᠪᠦᠬᠦ ᠲᠣᠭᠤᠷᠢᠭ ᠤᠨ ᠡᠯ᠎ᠡ ᠰᠠᠯᠠᠭ᠎ᠠ ᠮᠥᠴᠢᠷ ᠨᠢᠭᠡᠴᠢ ᠶᠢᠨ ᠬᠢᠨ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ | ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ | ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠣᠯᠤᠨ ᠴᠢᠩᠭ᠎ᠠ ᠪᠠᠷᠢᠮᠵᠢᠶ᠎ᠠ ᠪᠠᠷ ᠴᠠᠭᠠᠷᠠᠭᠰᠠᠨ ᠤᠯᠤᠰ ᠲᠦᠷᠦ ᠶᠢᠨ | ᠪᠠᠶᠢᠭᠤᠯᠭ᠎ᠠ ᠶᠢ ᠳᠠᠪᠲᠠᠨ ᠪᠣᠯᠪᠠᠰᠤᠷᠠᠭᠤᠯᠵᠤ᠂ ᠴᠠᠭᠠᠷᠠᠭᠰᠠᠨ ᠪᠣᠳᠠᠲᠠᠢ ᠶᠢ ᠡᠷᠬᠢᠮᠯᠡᠬᠦ ᠰᠤᠷᠲᠠᠯ ᠢ ᠳᠠᠪᠲᠠᠨ | ᠪᠣᠯᠪᠠᠰᠤᠷᠠᠭᠤᠯᠵᠤ᠂ ᠴᠠᠭᠠᠷᠠᠭᠰᠠᠨ ᠴᠢᠳᠠᠪᠤᠷᠢ ᠶᠢ ᠳᠠᠪᠲᠠᠨ ᠪᠣᠯᠪᠠᠰᠤᠷᠠᠭᠤᠯᠵᠤ᠂ ᠭᠤᠣᠯ ᠶᠡᠭᠡ ᠲᠠᠯ᠎ᠠ ᠶᠢᠨ | ᠲᠣᠭᠤᠷᠢᠨ ᠳᠤ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠡᠯ᠎ᠡ | ᠬᠦᠷᠢᠶᠡᠨ ᠤ ᠠᠵᠢᠯ ᠢ ᠪᠣᠳᠠᠲᠠᠢ ᠠᠳᠬᠤᠵᠤ ᠨᠠᠷᠢᠯᠢᠭ ᠠᠳᠬᠤᠨ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ | ᠪᠦᠲᠦᠮᠵᠢ ᠪᠠᠷ ᠡᠯ᠎ᠡ ᠬᠦᠷᠢᠶ᠎ᠡ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠣᠳᠠᠲᠠᠢ ᠳᠤ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃ | | | | | | | | |