ᠰᠣᠶᠣᠯ ᠵᠢᠭᠤᠯᠴᠢᠯᠠᠯ ᠤᠨ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 3 ᠰᠠᠷ᠎ᠠ ᠶᠢᠨ 25 ᠤ ᠡᠳᠦᠷ ᠠᠴᠠ | 27 ᠤ ᠡᠳᠦᠷ ᠪᠣᠯᠲᠠᠯ᠎ᠠ᠂ ᠴᠢᠩᠱᠠᠨ ᠲᠣᠭᠤᠷᠢᠭ ᠤᠨ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ | ᠲᠣᠪᠴᠢᠶ᠎ᠠ ᠬᠠᠷᠢᠶ᠎ᠠ ᠣᠷᠣᠨ ᠤ ᠪᠠᠨ ᠭᠤᠣᠯᠳᠠᠯᠭ᠎ᠠ ᠲᠠᠢ ᠵᠢᠭᠤᠯᠴᠢᠯᠠᠯ ᠤᠨ ᠦᠵᠡᠮᠵᠢ ᠶᠢᠨ ᠣᠷᠣᠨ ᠵᠢᠴᠢ ᠣᠳᠣᠨ | ᠲᠡᠰ ᠤᠨ ᠪᠠᠭᠤᠳᠠᠯ ᠳᠤ ᠠᠶᠤᠯᠭᠦᠢ ᠦᠢᠯᠡᠳᠪᠦᠷᠢᠯᠡᠯ ᠤᠨ ᠲᠤᠰᠬᠠᠢ ᠪᠠᠶᠢᠴᠠᠭᠠᠯᠲᠠ ᠬᠢᠪᠡ᠃ ᠲᠣᠰ ᠤᠳᠠᠭᠠᠨ ᠤ | ᠠᠵᠢᠯᠯᠠᠭ᠎ᠠ ᠨᠢ ᠴᠢᠩᠱᠠᠨ ᠪᠠᠭᠤᠳᠠᠯ ᠤᠨ ᠨᠢᠭᠡᠳᠦᠭᠡᠷ ᠨᠣᠮᠧᠷᠲᠤ ᠠᠰᠠᠷ᠂ ᠤᠮᠠᠷᠠᠲᠤ ᠶᠢᠨ ᠴᠡᠷᠢᠭ ᠤᠨ ᠵᠡᠪᠰᠡᠭ ᠤᠨ | ᠬᠤᠲᠠ ᠶᠢᠨ ᠦᠵᠡᠮᠵᠢ ᠶᠢᠨ ᠣᠷᠣᠨ ᠵᠢᠴᠢ ᠭᠤᠸᠠᠩ ᠬᠦᠢ ᠠᠮᠠᠷᠠᠯᠲᠠ ᠶᠢᠨ ᠪᠠᠭᠤᠳᠠᠯ᠂ ᠤᠮᠠᠷᠠᠲᠤ ᠣᠷᠣᠨ ᠤ | ᠵᠣᠴᠢᠳ ᠤᠨ ᠪᠠᠭᠤᠳᠠᠯ᠂ ᠺᠠᠶ ᠱᠢ ᠶᠤᠸᠠᠢ ᠬᠤᠸᠠ ᠪᠠᠭᠤᠳᠠᠯ᠂ ᠰᠢᠶᠠᠩ ᠭᠧ ᠯᠢ ᠯᠡ ᠪᠠᠭᠤᠳᠠᠯ ᠵᠡᠷᠭᠡ ᠣᠳᠣᠨ | ᠲᠠᠰ ᠤᠨ ᠪᠠᠭᠤᠳᠠᠯ ᠤᠨ ᠠᠶᠤᠯᠭᠦᠶ ᠦᠢᠯᠡᠳᠪᠦᠷᠢᠯᠡᠯ ᠤᠨ ᠠᠵᠢᠯ ᠢ ᠭᠤᠤᠯᠳᠠᠯᠭ᠎ᠠ ᠲᠠᠢ ᠪᠠᠶᠢᠴᠠᠭᠠᠪᠠ᠃ | ᠲᠣᠰ ᠤᠳᠠᠭᠠᠨ ᠤ ᠪᠠᠶᠢᠴᠠᠭᠠᠯᠲᠠ ᠳᠤ ᠭᠤᠤᠯᠳᠠᠭᠤ ᠬᠠᠷᠢᠶ᠎ᠠ ᠣᠷᠣᠨ ᠤ ᠳᠣᠲᠣᠷᠠᠬᠢ ᠵᠢᠭᠤᠯᠴᠢᠯᠠᠯ ᠤᠨ | ᠦᠵᠡᠮᠵᠢ ᠶᠢᠨ ᠣᠷᠣᠨ ᠵᠢᠴᠢ ᠣᠳᠣᠨ ᠲᠠᠰ ᠤᠨ ᠪᠠᠭᠤᠳᠠᠯ ᠤᠨ ᠭᠠᠯ ᠤᠨᠲᠠᠷᠠᠭᠠᠬᠤ ᠪᠡᠯᠡᠳᠬᠡᠮᠵᠢ ᠲᠥᠬᠦᠭᠡᠷᠦᠮᠵᠢ | ︵ᠭᠠᠯ ᠤᠨᠲᠠᠷᠠᠭᠠᠭᠤᠷ᠂ ᠭᠠᠯ ᠤᠨᠲᠠᠷᠠᠭᠠᠬᠤ ᠮᠤᠰᠬᠢᠭᠤᠷ᠂ ᠣᠲᠤᠭ᠎ᠠ ᠰᠡᠷᠡᠯ ᠤᠨ ᠲᠦᠭᠰᠢᠭᠦᠷᠢ ᠮᠡᠳᠡᠭᠡᠯᠡᠬᠦ ᠰᠢᠰᠲ᠋ᠧᠮ︶ | ᠶᠢ ᠬᠢᠨᠠᠨ ᠰᠢᠯᠭᠠᠭᠰᠠᠨ ᠲᠣᠭᠲᠠᠮᠠᠯ ᠬᠤᠭᠤᠴᠠᠭ᠎ᠠ ᠲᠠᠢ ᠪᠠᠷ ᠬᠠᠮᠠᠭᠠᠯᠠᠬᠤ ᠲᠡᠮᠳᠡᠭᠯᠡᠯ᠂ ᠭᠠᠯ ᠤᠨᠲᠠᠷᠠᠭᠠᠬᠤ ᠵᠠᠮ ᠤᠨ | ᠰᠠᠭᠠᠳ ᠥᠬᠡᠶ ᠨᠡᠪᠲᠡᠷᠡᠬᠦ ᠵᠠᠮ ᠤᠨ ᠲᠣᠭᠤᠷᠢᠨ ᠳᠤ᠂ ᠪᠠᠴᠢᠮ ᠪᠠᠶᠢᠳᠠᠯ ᠢ ᠠᠷᠭᠠᠴᠠᠬᠤ ᠭᠡᠷᠡᠯᠲᠦᠭᠦᠯᠭᠡ ᠶᠢᠨ | ᠪᠡᠯᠡᠳᠬᠡᠮᠵᠢ ᠶᠢᠨ 100% ᠪᠠᠷ ᠭᠡᠷᠡᠯᠲᠦᠭᠦᠯᠬᠦ ᠳ᠋ᠧᠩ᠂ ᠭᠠᠯ ᠤᠨᠲᠠᠷᠠᠭᠠᠬᠤ ᠵᠠᠮ ᠤᠨ ᠣᠨ ᠤ ᠪᠠᠶᠢᠴᠠᠭᠠᠯᠲᠠ ᠶᠢᠨ | ᠬᠢᠷᠢ ᠲᠡᠩᠴᠡᠭᠰᠡᠨ ᠭᠡᠷᠡᠴᠢ ᠵᠢᠴᠢ ᠠᠷᠠᠴᠢᠯᠠᠨ ᠬᠠᠮᠠᠭᠠᠯᠠᠬᠤ ᠡᠬᠡ ᠲᠠᠩᠰᠠ ᠶᠢ ᠬᠢᠨᠠᠨ ᠪᠠᠶᠢᠴᠠᠭᠠᠬᠤ᠂ ᠪᠠᠴᠢᠮ | ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠪᠠᠶᠢᠴᠠᠭᠠᠬᠤ᠂ 2024 ᠣᠨ ᠤ ᠭᠠᠯ ᠤᠨᠲᠠᠷᠠᠭᠠᠬᠤ ᠰᠣᠷᠢᠯᠲᠠ ᠶᠢᠨ | ᠲᠡᠮᠳᠡᠭᠯᠡᠯ ᠢ ᠰᠢᠯᠵᠢᠭᠦᠯᠦᠨ ᠦᠵᠡᠬᠦ᠂ ᠠᠮᠤᠷ ᠲᠦᠪᠰᠢᠨ ᠢᠶᠠᠷ ᠲᠠᠷᠬᠠᠭᠠᠬᠤ ᠵᠢᠭᠠᠯᠲᠠ ᠲᠡᠮᠳᠡᠭ᠂ ᠪᠠᠭᠤᠳᠠᠯ ᠤᠨ | ᠲᠣᠭᠤᠭᠠᠨ ᠬᠡᠷ ᠤᠨ ᠰᠢᠲᠠᠮᠠᠬᠠᠶ ᠬᠡᠶ ᠶᠢᠨ ᠲᠦᠭᠰᠢᠭᠦᠷᠢ ᠮᠡᠳᠡᠭᠡᠯᠡᠬᠦ ᠲᠥᠬᠦᠭᠡᠷᠦᠮᠵᠢ ᠵᠡᠷᠭᠡ ᠶᠢ ᠪᠥᠬᠦ ᠲᠠᠯ᠎ᠠ ᠪᠠᠷ | ᠵᠢᠭᠰᠠᠭᠠᠨ ᠪᠠᠶᠢᠴᠠᠭᠠᠵᠤ᠂ ᠣᠳᠣᠨ ᠲᠠᠰ ᠤᠨ ᠪᠠᠭᠤᠳᠠᠯ ᠪᠠ ᠦᠵᠡᠮᠵᠢ ᠶᠢᠨ ᠣᠷᠣᠨ ᠤ ᠠᠮᠤᠷ ᠲᠦᠪᠰᠢᠨ ᠢᠶᠠᠷ | ᠡᠵᠡᠩᠨᠡᠬᠦ ᠶᠢ ᠦᠨᠡᠨᠬᠦ ᠪᠠᠲᠤᠯᠠᠪᠠ᠃ ᠪᠠᠶᠢᠴᠠᠭᠠᠬᠤ ᠶᠠᠪᠤᠴᠠ ᠳᠤ ᠣᠯᠵᠤ ᠮᠡᠳᠡᠭᠰᠡᠨ ᠠᠮᠤᠷ ᠲᠦᠪᠰᠢᠨ ᠤ | ᠪᠠᠶᠢᠴᠠᠭᠠᠯᠲᠠ ᠶᠢᠨ ᠲᠡᠮᠳᠡᠭᠯᠡᠯ ᠤᠨ ᠬᠦᠰᠦᠨᠦᠭᠲᠦ ᠳᠤᠲᠠᠭᠳᠠᠵᠤ᠂ ᠭᠠᠯ ᠤᠨᠲᠠᠷᠠᠭᠠᠭᠤᠷ ᠤᠨ ᠬᠤᠭᠤᠴᠠᠭ᠎ᠠ ᠨᠢ | ᠥᠩᠭᠡᠷᠡᠭᠰᠡᠨ ᠵᠡᠷᠭᠡ 2 ᠵᠦᠢᠯ ᠤᠨ ᠠᠰᠠᠭᠤᠳᠠᠯ ᠳᠤ᠂ ᠠᠵᠤ ᠠᠬᠤᠶᠢᠯᠠᠯ ᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ | ᠬᠡᠷᠡᠭᠲᠡᠶ ᠭᠡᠵᠦ ᠱᠠᠭᠠᠷᠳᠠᠪᠠ᠃ | ᠳᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ | ᠲᠧᠯᠸᠢᠰ ᠤᠨ ᠲᠣᠪᠴᠢᠶ᠎ᠠ ︽ᠠᠵᠢᠯ ᠲᠦᠷᠦᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ | ᠬᠠᠷᠢᠭᠤᠴᠠᠯᠭ᠎ᠠ ᠶᠢᠨ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠵᠤ᠂ ᠠᠰᠠᠭᠤᠳᠠᠯ ᠢ ᠢᠯᠡᠷᠡᠭᠦᠯᠦᠭᠰᠡᠨ ᠠᠵᠤ | ᠠᠬᠤᠶᠢᠯᠠᠯ ᠳᠤ ︽ᠡᠷᠬᠢᠨ ᠬᠠᠷᠠᠬᠤ︾ ᠠᠵᠢᠯ ᠢ ᠥᠷᠨᠢᠭᠦᠯᠵᠦ᠂ ︽ᠡᠳᠦᠷ ᠲᠤᠳᠤᠮ ᠤᠨ ᠲᠣᠭᠤᠷᠢᠨ ᠪᠠᠶᠢᠴᠠᠭᠠᠯᠲᠠ ᠶᠢᠨ | ᠲᠤᠰᠬᠠᠢ ᠱᠠᠯᠠᠪᠳᠠᠭᠤᠯᠤᠨ ᠪᠠᠶᠢᠴᠠᠭᠠᠬᠤ︾ ᠠᠷᠭ᠎ᠠ ᠬᠡᠯᠪᠡᠷᠢ ᠪᠠᠷ ᠳᠠᠮᠵᠢᠭᠤᠯᠤᠨ᠂ ᠵᠤᠭᠠᠴᠠᠯ ᠤᠨ ᠵᠠᠬ᠎ᠠ ᠳᠡᠯᠭᠡᠭᠦᠷ ᠲᠤ | ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠥᠷᠨᠢᠭᠦᠯᠵᠦ᠂ ᠥᠷᠭᠡᠨ ᠤᠯᠠᠨ ᠲᠦᠮᠡᠨ ᠤ ᠠᠮᠢ ᠨᠠᠰᠤ ᠡᠳ᠋ | ᠬᠦᠷᠦᠩᠭᠡ ᠶᠢᠨ ᠠᠮᠤᠷ ᠲᠦᠪᠰᠢᠨ ᠢ ᠪᠠᠲᠤᠯᠠᠨ᠎ᠠ᠃ | | | | | | |