ᠲᠣᠰᠬᠤᠨ ᠤ ᠠᠷᠠᠳ ᠤᠨ ᠡᠷᠡᠭᠦᠯ ᠮᠡᠨᠳᠦ ᠶᠢᠨ ᠤᠬᠠᠮᠰᠠᠷ ᠢ ᠳᠡᠭᠡᠭᠰᠢᠯᠡᠭᠦᠯᠵᠦ᠂ ᠡᠷᠡᠭᠦᠯ ᠮᠡᠨᠳᠦ ᠶᠢᠨ | ᠶᠡᠷᠦ ᠶᠢᠨ ᠮᠡᠳᠡᠯᠭᠡ ᠶᠢ ᠲᠦᠭᠡᠮᠡᠯᠵᠢᠭᠦᠯᠵᠦ᠂ ᠡᠪᠡᠳᠴᠢᠨ ᠡᠮᠭᠡᠭ ᠢ ᠡᠷᠲᠡ ᠢᠯᠡᠷᠡᠭᠦᠯᠵᠦ᠂ ᠡᠷᠲᠡ ᠡᠮᠨᠡᠨ ᠵᠠᠰᠠᠬᠤ ᠶᠢ | ᠪᠡᠶᠡᠯᠡᠭᠦᠯᠬᠦ ᠶᠢᠨ ᠲᠥᠯᠥᠭᠡ᠂ ᠣᠶᠢᠷ᠎ᠠ ᠳᠤ᠂ ᠴᠢᠩ ᠹᠦ᠋ ᠪᠠᠯᠭᠠᠰᠤᠨ ᠤ ᠡᠯ ᠬᠠᠶ ᠬᠤᠤ ᠲᠣᠰᠬᠤᠨ ︽ᠪᠣᠯᠪᠠᠰᠤᠨ ᠢ | ᠦᠢᠯᠡᠳᠦᠯᠭᠡᠵᠢᠭᠦᠯᠬᠦ — ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠠᠶᠠᠯᠠᠯ︾ ᠤᠨ ᠠᠯᠪᠠᠨ ᠵᠢᠷᠤᠮ ᠤᠨ | ᠡᠮᠴᠢᠯᠡᠭᠡᠨ ᠤ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠡᠮᠴᠢ ᠰᠤᠪᠢᠯᠠᠭᠴᠢᠳ B ᠬᠡᠲᠦ ᠳᠣᠯᠭᠢᠶᠠᠨ ᠤ ᠮᠠᠰᠢᠨ᠂ | ᠵᠢᠷᠦᠬᠡᠨ ᠤ ᠯᠤᠭᠰᠢᠯᠲᠠ ᠶᠢᠨ ᠵᠢᠷᠤᠭ ᠤᠨ ᠮᠠᠰᠢᠨ᠂ ᠴᠢᠰᠤᠨ ᠰᠢᠬᠢᠷ ᠤᠨ ᠬᠡᠮᠵᠢᠭᠦᠷ᠂ ᠴᠢᠰᠤᠨ ᠳᠠᠷᠤᠯᠲᠠ ᠶᠢᠨ | ᠬᠡᠮᠵᠢᠭᠦᠷ ᠵᠡᠷᠭᠡ ᠲᠤᠰᠬᠠᠶ ᠮᠡᠷᠭᠡᠵᠢᠯ ᠤᠨ ᠲᠥᠬᠦᠭᠡᠷᠦᠮᠵᠢ ᠶᠢ ᠠᠪᠴᠢᠷᠠᠵᠤ᠂ ᠲᠣᠰᠬᠤᠨ ᠤ ᠠᠷᠠᠳ ᠲᠤ ᠰᠦᠢᠳᠭᠡᠯ | ᠬᠤᠷᠢᠶᠠᠬᠤ ᠥᠬᠡᠶ ᠪᠠᠷ ᠪᠥᠬᠦ ᠲᠠᠯ᠎ᠠ ᠶᠢᠨ ᠪᠡᠶ᠎ᠡ ᠶᠢᠨ ᠪᠠᠶᠢᠴᠠᠭᠠᠯᠲᠠ᠂ ᠡᠪᠡᠳᠴᠢᠨ ᠡᠮᠭᠡᠭ ᠢ ᠰᠢᠭᠰᠢᠨ ᠪᠠᠶᠢᠴᠠᠭᠠᠵᠤ᠂ | ᠲᠣᠰᠬᠤᠨ ᠤ ᠠᠷᠠᠳ ᠤᠨ ᠤᠳᠠᠭᠠᠨ ᠴᠢᠨᠠᠷᠲᠠᠶ ᠡᠪᠡᠳᠴᠢᠨ ᠤ ᠬᠠᠮᠢᠶᠠᠷᠤᠯᠲᠠ ᠵᠡᠷᠭᠡ ᠲᠠᠯ᠎ᠠ ᠶᠢᠨ ᠮᠠᠳᠠᠭ ᠲᠠᠢ | ᠠᠰᠠᠭᠤᠳᠠᠯ ᠢ ᠬᠦᠯᠢᠴᠡᠩᠭᠦᠶ ᠪᠠᠷ ᠬᠠᠷᠢᠭᠤᠯᠪᠠ᠃ ᠰᠠᠶᠢᠨ ᠳᠤᠷ᠎ᠠ ᠶᠢᠨ ᠦᠢᠯᠡᠴᠢᠯᠡᠭᠴᠢᠳ ᠴᠦ ᠢᠳᠡᠪᠬᠢᠲᠡᠶ ᠪᠠᠷ | ᠣᠷᠣᠯᠴᠠᠵᠤ᠂ ᠬᠡᠷᠡᠭᠴᠡᠭᠡ ᠲᠠᠢ ᠰᠠᠭᠤᠭᠠᠯᠢ ᠠᠷᠠᠳ ᠲᠤ ᠳᠣᠲᠣᠨᠣ ᠬᠠᠪᠰᠤᠷᠤᠯᠭ᠎ᠠ ᠬᠠᠩᠭᠠᠪᠠ᠃ ᠴᠥᠭᠡᠨ ᠪᠤᠰᠤ | ᠲᠣᠰᠬᠤᠨ ᠤ ᠠᠷᠠᠳ ᠢᠯᠡᠷᠬᠡᠶᠢᠯᠡᠬᠦ ᠳᠡᠭᠡᠨ᠂ ᠡᠶᠢᠮᠦᠷᠬᠦᠦ ᠠᠵᠢᠯᠯᠠᠭ᠎ᠠ ᠨᠢ ᠣᠯᠠᠨ ᠳᠤ ᠦᠨᠡᠨᠬᠦ ᠲᠥᠬᠦᠮ ᠦᠵᠡᠭᠦᠯᠵᠦ᠂ | ᠠᠮᠢᠳᠤᠷᠠᠯ ᠤᠨ ᠳᠤᠮᠳᠠᠬᠢ ᠪᠣᠳᠠᠲᠠᠶ ᠬᠡᠷᠡᠭᠴᠡᠭᠡ ᠶᠢ ᠰᠢᠢᠳᠪᠦᠷᠢᠯᠡᠵᠡᠢ ᠭᠡᠵᠦ ᠢᠯᠡᠷᠬᠡᠶᠢᠯᠡᠵᠡᠢ᠃ | ᠲᠣᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠶᠢ ᠠᠮᠵᠢᠯᠲᠠ ᠲᠠᠢ ᠡᠷᠬᠢᠯᠡᠭᠰᠡᠨ ᠨᠢ | ᠲᠣᠰᠬᠤᠨ ᠤ ᠠᠷᠠᠳ ᠲᠤ ᠬᠡᠷ ᠤᠨ ᠡᠭᠦᠳᠡᠨ ᠳᠤ ᠲᠤᠰᠬᠠᠶ ᠮᠡᠷᠭᠡᠵᠢᠯ ᠤᠨ ᠡᠮᠴᠢᠯᠡᠭᠡᠨ ᠤ ᠦᠢᠯᠡᠴᠢᠯᠡᠭᠡ ᠬᠦᠷᠲᠡᠭᠡᠵᠦ᠂ | ᠲᠣᠰᠬᠤᠨ ᠤ ᠠᠷᠠᠳ ᠤᠨ ᠡᠷᠡᠭᠦᠯ ᠮᠡᠨᠳᠦ ᠶᠢᠨ ᠤᠬᠠᠮᠰᠠᠷ ᠢ ᠨᠡᠮᠡᠭᠳᠡᠭᠦᠯᠪᠡ᠃ ᠵᠠᠯᠭᠠᠭᠠᠳ᠂ ᠡᠯ ᠬᠠᠢ ᠬᠤᠤ ᠲᠣᠰᠬᠤᠨ | ᠡᠶᠢᠮᠦᠷᠬᠦ ᠨᠡᠩ ᠤᠯᠠᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠲᠣᠰᠬᠤᠨ ᠤ | ᠠᠷᠠᠳ ᠤᠨ ᠡᠷᠡᠭᠦᠯ ᠮᠡᠨᠳᠦ ᠪᠠ ᠵᠣᠯ ᠵᠢᠷᠭᠠᠯᠲᠤ ᠠᠮᠢᠳᠤᠷᠠᠯ ᠳᠤ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃ |