ᠡᠶ᠎ᠡ ᠵᠣᠬᠢᠴᠠᠯ ᠲᠠᠢ ᠬᠦᠳᠡᠯᠮᠦᠷᠢ ᠶᠢᠨ ᠬᠠᠷᠢᠴᠠᠭ᠎ᠠ ᠶᠢ ᠪᠤᠢ ᠪᠣᠯᠭᠠᠬᠤ ᠳᠤ ᠬᠦᠳᠦᠯᠦᠯᠴᠡᠵᠦ ᠪᠠᠶᠢᠨ᠎ᠠ
ᠨᠡᠶᠢᠲᠡᠯᠡᠭᠰᠡᠨ ᠴᠠᠭ᠄
2025/3/31
      ᠤᠶᠢᠷ᠎ᠠ ᠳᠤ᠂ ᠴᠢᠩᠱᠠᠨ ᠲᠣᠭᠤᠷᠢᠭ ᠤᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠤ ᠬᠥᠨᠳᠡᠯᠡᠨ ᠠᠴᠠ ᠲᠠᠰᠤᠯᠬᠤ ᠬᠤᠷᠢᠶ᠎ᠠ ᠵᠠᠯᠠᠭᠤ ᠬᠦᠨᠳᠡᠯᠡᠨ ᠠᠴᠠ ᠲᠠᠰᠦᠯᠤᠭᠴᠢ ᠶᠢ ᠵᠣᠬᠢᠶᠠᠨ ᠪᠠᠶᠢᠭᠤᠯᠵᠦ ᠠᠵᠤ ᠠᠬᠤᠶᠢᠯᠠᠯ ᠳᠤ ᠤᠷᠤᠵᠦ᠂ ︽ᠬᠠᠤᠯᠢ ᠶᠢ ᠮᠡᠳᠡᠵᠦ ᠬᠠᠤᠯᠢ ᠶᠢ ᠰᠠᠬᠢᠵᠤ ᠡᠶ᠎ᠡ ᠵᠣᠬᠢᠴᠠᠯ ᠢ ᠬᠠᠮᠲᠤ ᠪᠠᠷ ᠴᠣᠭᠴᠠᠯᠠᠬᠤ︾᠎ ᠪᠠᠷ ᠭᠤᠣᠯ ᠰᠡᠳᠦᠪ ᠪᠣᠯᠭᠠᠭᠰᠠᠨ ᠬᠠᠤᠯᠢ ᠴᠠᠭᠠᠵᠠ ᠶᠢᠨ ᠲᠠᠢᠯᠤᠮᠵᠢ ᠬᠢᠵᠦ᠂ ᠭᠤᠣᠯᠳᠠᠭᠤ ᠴᠠᠭ ᠨᠡᠮᠡᠵᠦ ᠠᠵᠢᠯᠯᠠᠭᠰᠠᠨ ᠴᠠᠯᠢᠩ ᠢ ᠪᠣᠳᠣᠬᠤ᠂ ᠠᠵᠢᠯ ᠤᠨ ᠪᠠᠶᠢᠷᠢ ᠲᠣᠬᠢᠷᠠᠭᠤᠯᠬᠤ ᠲᠣᠭᠲᠠᠭᠠᠯ ᠳᠤ ᠨᠡᠶᠢᠴᠡᠬᠦ ᠶᠠᠪᠤᠴᠠ᠂ ᠠᠵᠢᠯ ᠠᠴᠠ ᠪᠣᠯᠤᠭᠰᠠᠨ ᠭᠡᠮᠲᠦᠯ ᠤᠨ ᠣᠯᠭᠤᠮᠵᠢ ᠶᠢ ᠪᠣᠳᠣᠬᠤ ᠭᠤᠷᠪᠠᠨ ᠶᠡᠭᠡ ᠭᠤᠣᠯᠯᠠᠬᠤ ᠠᠰᠠᠭᠤᠳᠠᠯ ᠤᠨ ᠲᠣᠭᠤᠷᠢᠨ ᠳᠤ᠂ 24 ᠠᠵᠤ ᠠᠬᠤᠢᠯᠠᠯ ᠤᠨ ᠬᠠᠷᠢᠭᠤᠴᠠᠯᠭᠠᠲᠠᠨ ᠳᠤ ︽ᠬᠠᠤᠯᠢ ᠪᠠᠷ ᠵᠠᠰᠠᠬᠤ ᠠᠵᠢᠯᠴᠢᠨ ᠬᠡᠷᠡᠭᠯᠡᠬᠦ ᠲᠣᠮᠣ ᠪᠡᠯᠡᠭ︾ ᠬᠦᠷᠭᠡᠪᠡ᠃      ᠲᠠᠶᠢᠯᠤᠮᠵᠢ ᠬᠢᠬᠦ ᠶᠠᠪᠤᠴᠠ ᠳᠤ᠂ ᠵᠠᠯᠠᠭᠤ ᠬᠦᠨᠳᠡᠯᠡᠨ ᠠᠴᠠ ᠲᠠᠰᠦᠯᠤᠭᠴᠢ ᠰᠠᠶᠢᠨ  ᠳᠤᠷᠠᠴᠤᠤᠯ ᠬᠠᠤᠯᠢ ᠴᠠᠭᠠᠵᠠ ᠶᠢᠨ ᠵᠦᠢᠯ ᠵᠤᠷᠪᠤᠰ ᠢ ᠲᠠᠶᠢᠯᠪᠤᠷᠢᠯᠠᠬᠤ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠳᠤᠮᠳᠠ ᠪᠠᠶᠢᠩᠭᠤ ᠲᠣᠬᠢᠶᠠᠯᠳᠤᠳᠠᠭ ᠠᠳᠡᠭᠦᠷᠡᠯ ᠢ ᠬᠤᠷᠢᠶᠠᠩᠭᠤᠶᠢᠯᠠᠬᠤ ᠶᠢᠨ ᠬᠠᠮᠲᠤ ᠪᠣᠳᠠᠲᠤ ᠬᠡᠷᠡᠭ ᠤᠨ ᠵᠢᠱᠢᠶ᠎ᠡ ᠪᠠᠷ ᠵᠠᠳᠠᠯᠵᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠢ ᠬᠠᠪᠰᠤᠷᠤᠨ ᠠᠵᠢᠯᠴᠢᠨ ᠬᠡᠷᠡᠭᠯᠡᠬᠦ ᠳᠤᠮᠳᠠ ᠣᠷᠣᠰᠢᠵᠤ ᠪᠠᠶᠢᠭ᠎ᠠ ᠬᠠᠤᠯᠢ ᠴᠠᠭᠠᠵᠠ ᠶᠢᠨ ᠠᠰᠠᠭᠤᠳᠠᠯ ᠢ ᠨᠠᠩ ᠲᠣᠳᠣᠷᠬᠠᠶ ᠲᠠᠨᠢᠭᠤᠯᠵᠤ᠂ ᠠᠵᠢᠯᠴᠢᠨ ᠬᠡᠷᠡᠭᠯᠡᠬᠦ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠴᠡᠭ ᠢ ᠡᠵᠡᠮᠰᠢᠭᠦᠯᠪᠡ᠃ ᠡᠭᠦᠨ ᠤ ᠬᠠᠮᠲᠤ᠂ ᠵᠠᠯᠠᠭᠤᠴᠤᠳ ᠤᠨ ᠬᠥᠨᠳᠡᠯᠡᠨ ᠠᠴᠠ ᠲᠠᠰᠤᠯᠬᠤ ᠵᠠᠯᠠᠭᠤ ᠰᠠᠶᠢᠨ ᠳᠤᠷᠠᠴᠤᠤᠯ ᠪᠣᠯᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠠᠷᠢᠯᠴᠠᠨ ᠬᠥᠳᠡᠯᠦᠯᠴᠡᠵᠦ ᠮᠠᠳᠠᠭ ᠲᠠᠢ ᠠᠰᠠᠭᠤᠳᠠᠯ ᠢ ᠬᠠᠷᠢᠭᠤᠯᠵᠤ᠂ ᠠᠵᠤ ᠠᠬᠤᠶᠢᠯᠠᠯ ᠤᠨ ᠳᠤᠷᠠᠳᠤᠭᠰᠠᠨ ᠥᠪᠡᠷᠮᠢᠴᠡ ᠠᠰᠠᠭᠤᠳᠠᠯ ᠳᠤ ᠴᠢᠭᠯᠡᠭᠦᠯᠦᠨ ᠨᠢᠭᠡᠳ ᠨᠢᠭᠡ ᠪᠠᠷ ᠬᠠᠷᠢᠭᠤᠯᠲᠠ ᠥᠭᠴᠦ᠂ ᠠᠵᠤ ᠠᠬᠤᠶᠢᠯᠠᠯ ᠢ ᠬᠠᠪᠰᠤᠷᠤᠨ ︽ᠡᠪᠡᠳᠴᠢᠨ ᠳᠤᠨᠢ ᠲᠠᠭᠠᠷᠠᠭᠤᠯᠤᠨ ᠡᠮ ᠥᠭᠬᠦ︾᠎ ᠶᠢ ᠬᠠᠪᠰᠤᠷᠴᠤ᠂ ᠠᠵᠢᠯᠴᠢᠨ ᠬᠡᠷᠡᠭᠯᠡᠬᠦ ᠨᠢᠭᠤᠴᠠ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠵᠤ ᠪᠠᠶᠢᠨ᠎ᠠ᠃      ᠵᠠᠯᠠᠭᠤᠴᠤᠳ ᠤᠨ ᠬᠥᠨᠳᠡᠯᠡᠨ ᠠᠴᠠ ᠲᠠᠰᠤᠯᠬᠤ ᠰᠠᠶᠢᠨ ᠳᠤᠷᠠᠴᠤᠤᠯ ᠤᠨ ᠦᠢᠯᠡᠴᠢᠯᠡᠭᠡᠨ ᠤ ᠠᠵᠤ ᠠᠬᠤᠶᠢᠯᠠᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠲᠤᠰᠬᠠᠶ ᠮᠡᠷᠭᠡᠵᠢᠯ ᠤᠨ ᠮᠡᠳᠡᠯᠭᠡ ᠪᠠᠷ ᠬᠠᠤᠯᠢ ᠪᠠᠷ ᠵᠠᠰᠠᠬᠤ ᠬᠠᠯᠠᠭᠤᠨ ᠳᠤᠯᠠᠭᠠᠨ ᠢ ᠳᠠᠮᠵᠢᠭᠤᠯᠵᠤ᠂ ᠠᠵᠤ ᠠᠬᠤᠶᠢᠯᠠᠯ ᠢ ᠬᠠᠪᠰᠤᠷᠤᠨ ᠠᠵᠢᠯᠴᠢᠨ ᠬᠡᠷᠡᠭᠯᠡᠬᠦ ᠲᠦᠭᠰᠢᠭᠦᠷᠢ ᠠᠴᠠ ᠵᠠᠶᠢᠯᠠᠭᠤᠯᠵᠤ᠂ ᠠᠵᠤ ᠠᠬᠤᠶᠢᠯᠠᠯ ᠢ ᠦᠨᠡᠨᠴᠢ ᠢᠲᠡᠭᠡᠮᠵᠢᠲᠡᠶ ᠪᠥᠭᠡᠳ ᠬᠠᠤᠯᠢ ᠶᠢ ᠰᠠᠬᠢᠵᠤ ᠪᠠᠶᠢᠭ᠎ᠠ ᠠᠵᠢᠯᠴᠢᠨ ᠬᠡᠷᠡᠭᠯᠡᠬᠦ ᠰᠣᠶᠣᠯ ᠲᠠᠢ ᠪᠣᠯᠭᠠᠬᠤ ᠪᠠᠷ ᠪᠠᠷᠠᠬᠤ ᠥᠬᠡᠶ᠂ ᠪᠠᠰᠠ ᠬᠥᠳᠡᠯᠮᠦᠷᠢ ᠶᠢᠨ ᠪᠠᠲᠤᠯᠠᠭ᠎ᠠ ᠶᠢ ︽ᠬᠡᠷᠡᠭ ᠤᠨ ᠳᠠᠷᠠᠭ᠎ᠠ ᠲᠡᠳᠬᠦᠬᠦ︾ ᠪᠠᠶᠢᠭᠰᠠᠨ ᠠᠴᠠ ︽ᠬᠡᠷᠡᠭ ᠤᠨ ᠡᠮᠦᠨ᠎ᠡ ᠰᠡᠷᠭᠡᠶᠢᠯᠡᠬᠦ︾ ᠪᠣᠯᠭᠠᠨ ᠬᠤᠪᠢᠷᠠᠭᠤᠯᠬᠤ ᠶᠢ ᠳᠥᠯᠭᠢᠨ ᠠᠬᠢᠭᠤᠯᠵᠤ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ᠂ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号