ᠳ᠋ᠢᠩ ᠺᠠᠶ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠪᠠᠶᠢᠴᠠᠭᠠᠨ ᠰᠤᠳᠤᠯᠬᠤ ᠶᠢᠨ ᠬᠠᠮᠲᠤ ᠣᠶ ᠰᠢᠭᠤᠶ ᠶᠢ ᠲᠣᠭᠤᠷᠢᠨ ᠪᠠᠶᠢᠴᠠᠭᠠᠵᠤ ᠭᠤᠤᠯ ᠮᠥᠷᠡᠨ ᠢ ᠴᠠᠭᠳᠠᠨ ᠪᠠᠶᠢᠴᠠᠭᠠᠪᠠ
ᠨᠡᠶᠢᠲᠡᠯᠡᠭᠰᠡᠨ ᠴᠠᠭ᠄
2025/3/31
     ᠣᠶᠢᠷ᠎ᠠ ᠳᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠲᠣᠭᠤᠷᠢᠭ ᠤᠨ ᠬᠤᠷᠢᠶᠠᠨ ᠤ ᠱᠦᠵᠢ ᠳ᠋ᠢᠩ ᠺᠠᠶ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠣᠶ ᠰᠢᠭᠤᠶ ᠶᠢ ᠲᠣᠭᠤᠷᠢᠨ ᠪᠠᠶᠢᠴᠠᠭᠠᠵᠤ ᠭᠤᠤᠯ ᠴᠠᠭᠳᠠᠬᠤ ᠠᠵᠢᠯ ᠥᠷᠨᠢᠭᠦᠯᠪᠡ᠃ ᠳ᠋ᠢᠩ ᠺᠠᠶ ᠨᠠᠷ ᠤᠷᠢᠳ ᠬᠤᠵᠢᠳ ᠢᠦᠶ ᠱᠤ᠋ ᠭᠧᠤ ᠶᠢᠨ ᠭᠠᠯ ᠰᠡᠷᠭᠡᠶᠢᠯᠡᠬᠦ ᠪᠠᠶᠢᠴᠠᠭᠠᠯᠲᠠ ᠶᠢᠨ ᠥᠷᠲᠡᠭᠡ᠂ ᠬᠤᠶᠢᠲᠤ ᠲᠡᠭᠦᠷᠭᠡ ᠶᠢᠨ ᠦᠶᠡᠷ ᠢ ᠬᠠᠰᠢᠬᠤ ᠭᠤᠤ᠂ ᠬᠥᠩ ᠬᠤ᠋ ᠳ᠋ᠦᠩ ᠪᠠᠷᠢᠯᠭ᠎ᠠ ᠶᠢᠨ ᠬᠤᠭ ᠨᠣᠪᠰᠢ ᠶᠢ ᠢᠯᠭᠠᠬᠤ ᠲᠥᠪ ᠵᠡᠷᠭᠡ ᠭᠠᠵᠠᠷ ᠲᠤ ᠬᠦᠷᠴᠦ ᠭᠠᠯ ᠰᠡᠷᠭᠡᠶᠢᠯᠡᠬᠦ ᠵᠢᠵᠢᠭᠦᠷᠯᠡᠨ ᠰᠠᠬᠢᠬᠤ᠂ ᠭᠤᠤᠯ ᠤᠨ ᠵᠠᠮ ᠤᠨ ᠬᠤᠭ ᠨᠣᠪᠰᠢ ᠶᠢ ᠴᠡᠭᠴᠡᠯᠡᠨ ᠵᠠᠰᠠᠬᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠣᠷᠣᠰᠢᠵᠤ ᠪᠠᠶᠢᠭ᠎ᠠ ᠬᠦᠴᠢᠷᠳᠡᠯ ᠲᠠᠢ ᠠᠰᠠᠭᠤᠳᠠᠯ ᠢ ᠲᠤᠬᠠᠶ ᠶᠢᠨ ᠲᠠᠯᠠᠪᠠᠶ ᠳᠤ ᠰᠤᠳᠤᠯᠤᠨ ᠰᠢᠢᠳᠪᠦᠷᠢᠯᠡᠪᠡ᠃ ᠳ᠋ᠢᠩ ᠺᠠᠶ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ︽ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ᠂ ᠪᠣᠬᠢᠷᠲᠤᠯ ᠥᠬᠡᠶ ᠬᠥᠭᠵᠢᠭᠦᠯᠬᠦ︾ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠠ ᠣᠷᠴᠢᠨ ᠠᠬᠤᠶ ᠶᠢᠨ ᠬᠠᠮᠠᠭᠠᠯᠠᠯᠲᠠ ᠶᠢᠨ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠨ᠂ ᠪᠠᠭᠤᠷᠠᠶ ᠭᠤᠭᠴᠤᠭ᠎ᠠ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠠᠶᠤᠯ ᠲᠦᠭᠰᠢᠭᠦᠷᠢ ᠬᠡᠮ ᠰᠣᠭᠤᠭ ᠢ ᠴᠠᠭ ᠲᠤᠬᠠᠶ ᠳᠤᠨᠢ ᠰᠢᠢᠳᠪᠦᠷᠢᠯᠡᠬᠦ ᠬᠡᠷᠡᠭᠲᠡᠶ᠃ ᠵᠢᠵᠢᠭᠦᠷᠯᠡᠨ ᠰᠠᠬᠢᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠡᠩᠨᠡᠭᠡᠨ ᠤ ᠪᠠᠶᠢᠭᠤᠯᠤᠯᠲᠠ ᠪᠣᠯᠤᠨ ᠡᠳ᠋ ᠪᠣᠳᠠᠰ ᠨᠥᠭᠡᠴᠡᠯᠡᠬᠦ ᠠᠵᠢᠯ ᠢ ᠴᠢᠩᠭᠠᠳᠬᠠᠨ᠂ ︽ᠬᠥᠮᠦᠨ ᠢᠶᠠᠷ ᠰᠡᠷᠭᠡᠶᠢᠯᠡᠬᠦ ᠮᠡᠷᠭᠡᠵᠢᠯ ᠢᠶᠠᠷ ᠰᠡᠷᠭᠡᠶᠢᠯᠡᠬᠦ︾ ᠠᠷᠭ᠎ᠠ ᠬᠡᠯᠪᠡᠷᠢ ᠶᠢ ᠶᠡᠷᠦᠩᠬᠡᠶᠢᠯᠡᠨ ᠬᠡᠷᠡᠭᠯᠡᠵᠦ ᠪᠠᠶᠢᠭᠠᠳ ᠭᠠᠯ ᠤᠨ ᠪᠠᠶᠢᠳᠠᠯ ᠤᠨ ᠬᠢᠨᠠᠨ ᠬᠡᠮᠵᠢᠯᠲᠡ ᠶᠢ ᠴᠢᠩᠭᠠᠳᠬᠠᠵᠤ᠂ ᠰᠠᠯᠠᠭ᠎ᠠ ᠮᠥᠴᠢᠷ᠂ ᠭᠠᠵᠠᠷ ᠣᠷᠣᠨ ᠤ ᠬᠤᠭᠤᠷᠣᠨᠳᠤ ᠪᠠᠨ ᠨᠡᠪᠲᠡᠷᠡᠯᠴᠡᠵᠦ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠭᠠᠯ ᠤᠨ ᠲᠦᠷᠦᠯ ᠢ ᠠᠭᠤᠯᠠᠨ ᠳᠤ ᠣᠷᠣᠭᠤᠯᠵᠤ ᠤᠢ ᠰᠢᠭᠤᠢ ᠳᠤ ᠣᠷᠣᠭᠤᠯᠬᠤ ᠶᠢ ᠴᠢᠩᠭ᠎ᠠ ᠬᠢᠵᠠᠭᠠᠷᠯᠠᠵᠤ᠂ ᠠᠭᠤᠯᠠ ᠶᠢ ᠰᠠᠬᠢᠵᠤ᠂ ᠬᠥᠮᠦᠨ ᠢ ᠡᠵᠡᠮᠳᠡᠵᠦ᠂ ᠭᠠᠯ ᠢ ᠬᠠᠮᠢᠶᠠᠷᠬᠤ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ᠃ ᠭᠤᠣᠯ ᠮᠥᠷᠡᠨ ᠤ ᠳᠠᠷᠤᠭ᠎ᠠ ᠶᠢᠨ ᠳᠦᠷᠢᠮ᠂ ᠤᠢ ᠰᠢᠭᠤᠢ ᠶᠢᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠣᠯ ᠮᠥᠷᠡᠨ ᠢ ᠲᠣᠭᠤᠷᠢᠨ ᠪᠠᠶᠢᠴᠠᠭᠠᠬᠤ᠂ ᠤᠢ ᠰᠢᠭᠤᠢ ᠶᠢ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠡᠳᠦᠷ ᠳᠤᠳᠤᠮ ᠤᠨ ᠬᠠᠮᠢᠶᠠᠷᠤᠯᠲᠠ ᠪᠠᠨ ᠴᠢᠩᠭᠠᠳᠬᠠᠵᠤ᠂ ᠡᠯ᠎ᠡ ᠲᠦᠷᠦᠯ ᠤᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠪᠣᠳᠠᠲᠤ ᠦᠷ᠎ᠡ ᠪᠦᠲᠦᠮᠵᠢ ᠪᠠᠷ ᠬᠥᠬᠡᠮᠳᠦᠭ ᠨᠣᠭᠤᠭᠠᠨ ᠠᠭᠤᠯᠠ ᠤᠰᠤ ᠶᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠡᠷᠲᠡᠬᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠵᠤ᠂ ᠪᠠᠷᠢᠯᠭ᠎ᠠ ᠶᠢᠨ ᠬᠤᠭ ᠨᠣᠪᠰᠢ ᠶᠢᠨ ᠬᠡᠮᠵᠢᠶ᠎ᠡ ᠶᠢ ᠪᠠᠭᠠᠰᠬᠠᠬᠤ᠂ ᠬᠤᠣᠷ ᠦᠭᠡᠶᠢᠵᠢᠬᠦᠯᠬᠦ ᠪᠠ ᠡᠬᠢ ᠪᠠᠶᠠᠯᠢᠭᠵᠢᠭᠤᠯᠤᠨ ᠰᠢᠢᠳᠪᠦᠷᠢᠯᠡᠬᠦ ᠶᠢ ᠪᠡᠶᠡᠯᠡᠭᠦᠯᠵᠦ᠂ ᠬᠤᠲᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠣᠷᠴᠢᠯ ᠠᠵᠤ ᠠᠬᠤᠢ ᠶᠢᠨ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃      ᠲᠣᠭᠤᠷᠢᠭ ᠤᠨ ᠤᠳᠤᠷᠢᠳᠤᠯᠭ᠎ᠠ ᠵᠠᠩ ᠵᠢᠶᠠᠨ᠂ ᠵᠠᠩ ᠪᠢᠨ᠂ ᠵᠢᠶᠠᠩ ᠲᠢᠶᠠᠨ ᠴᠧᠩ᠂ ᠯᠢ ᠸᠧᠢ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号