ᠴᠢᠩ ᠹᠦ᠋ ᠪᠠᠯᠭᠠᠰᠤ᠄ ᠬᠡᠤᠬᠡᠳ ᠬᠥᠮᠦᠵᠢᠭᠦᠯᠬᠦ ᠳᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠬᠡᠷ ᠪᠦᠯᠢ ᠶᠢᠨ ᠵᠣᠯ ᠵᠢᠷᠭᠠᠯ ᠳᠤ ︽ᠲᠤᠭ᠎ᠠ ᠨᠡᠮᠡᠨ᠎ᠡ︾
ᠨᠡᠶᠢᠲᠡᠯᠡᠭᠰᠡᠨ ᠴᠠᠭ᠄
2025/3/4
      ᠦᠷᠡᠵᠢᠯ ᠤᠨ ᠲᠥᠷᠥ ᠶᠢᠨ ᠪᠣᠳᠣᠯᠭ᠎ᠠ ᠶᠢ ᠲᠠᠰᠤᠷᠠᠯᠲᠠ ᠥᠬᠡᠶ ᠰᠢᠯᠢᠳᠡᠭᠵᠢᠭᠦᠯᠦᠭᠰᠡᠨ ᠶᠡᠭᠡ ᠠᠬᠤᠶ ᠪᠠᠶᠢᠳᠠᠯ ᠳᠣᠤᠷ᠎ᠠ᠂ ᠬᠡᠷ ᠪᠦᠯᠢ ᠶᠢᠨ ᠬᠡᠤᠬᠡᠳ ᠪᠤᠶᠢᠵᠢᠭᠤᠯᠬᠤ ᠳᠠᠷᠤᠭᠠᠰᠤ ᠶᠢ ᠦᠨᠡᠨ ᠬᠦ ᠬᠥᠩᠭᠡᠷᠡᠭᠦᠯᠬᠦ ᠶᠢᠨ ᠲᠥᠯᠥᠭᠡ᠂ ᠣᠶᠢᠷ᠎ᠠ ᠶᠢᠨ ᠬᠤᠭᠤᠴᠠᠭᠠᠨ ᠳᠤ᠂ ᠴᠢᠩ ᠹᠦ᠋ ᠪᠠᠯᠭᠠᠰᠤᠨ ᠤ ᠶᠢᠨ ᠬᠠᠶ ᠨᠡᠶᠢᠭᠡᠮ ᠲᠣᠭᠤᠷᠢᠭ ᠪᠤᠭᠤᠲᠤ ᠬᠤᠲᠠ ᠶᠢᠨ ᠬᠡᠤᠬᠡᠳ ᠪᠤᠶᠢᠵᠢᠭᠤᠯᠬᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠤᠬᠠᠭᠤᠯᠬᠤ ᠪᠠ ᠨᠠᠶᠢᠳᠠᠪᠤᠷᠢᠵᠢᠭᠤᠯᠬᠤ ᠠᠵᠢᠯ ᠢ ᠪᠥᠬᠦ ᠲᠠᠯ᠎ᠠ ᠪᠠᠷ᠂ ᠣᠯᠠᠨ ᠠᠷᠭ᠎ᠠ ᠬᠡᠮᠵᠢᠶ᠎ᠡ ᠪᠠᠷ ᠥᠷᠨᠢᠭᠦᠯᠵᠦ᠂ ᠨᠠᠩ ᠣᠯᠠᠨ ᠬᠡᠷ ᠪᠦᠯᠢ ᠳᠤ ᠲᠥᠷᠥ ᠶᠢᠨ ᠪᠣᠳᠣᠯᠭ᠎ᠠ ᠶᠢᠨ ᠠᠰᠢᠭ ᠬᠦᠷᠲᠡᠭᠡᠬᠦ ᠳᠤ ᠬᠦᠴᠦᠨ ᠨᠡᠮᠡᠷᠢᠯᠡᠪᠡ᠃      ᠨᠡᠶᠢᠭᠡᠮ ᠲᠣᠭᠤᠷᠢᠭ ᠤᠨ ᠬᠢᠨ ᠠᠵᠢᠯᠲᠠᠳ ᠢ ᠵᠣᠬᠢᠶᠠᠨ ᠪᠠᠶᠢᠭᠤᠯᠤᠨ ︽ᠪᠤᠭᠤᠲᠤ ᠬᠤᠳᠠ ᠶᠢᠨ ᠬᠡᠦᠬᠡᠳ ᠪᠤᠶᠢᠵᠢᠭᠤᠯᠬᠤ ᠨᠥᠬᠦᠪᠥᠷᠢ ᠵᠢᠴᠢ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠡᠵᠡᠩᠨᠡᠯᠲᠡ ᠶᠢᠨ ᠱᠠᠩᠨᠠᠯ ᠨᠥᠬᠦᠪᠥᠷᠢ ᠶᠢᠨ ᠲᠦᠷᠦ ᠶᠢᠨ ᠪᠤᠳᠤᠯᠭ᠎ᠠ ᠶᠢᠨ ᠬᠡᠷᠡᠭᠵᠢᠭᠦᠯᠬᠦ ᠲᠥᠰᠦᠯ ︵ᠲᠤᠷᠰᠢᠨ ᠬᠡᠷᠡᠭᠵᠢᠭᠦᠯᠬᠦ︶︾᠎ ᠢ ᠭᠦᠨᠵᠡᠭᠡᠢ ᠰᠤᠷᠤᠯᠴᠠᠭᠤᠯᠵᠤ᠂ ᠲᠦᠷᠦ ᠶᠢᠨ ᠪᠤᠳᠤᠯᠭ᠎ᠠ ᠳᠠᠬᠢ ᠨᠥᠬᠦᠪᠥᠷᠢ ᠶᠢᠨ ᠲᠦᠷᠦᠯ ᠬᠡᠯᠪᠡᠷᠢ᠂ ᠭᠤᠶᠤᠴᠢᠯᠠᠬᠤ ᠨᠥᠬᠦᠴᠡᠯ᠂ ᠭᠤᠶᠤᠴᠢᠯᠠᠨ ᠮᠡᠳᠡᠭᠦᠯᠬᠦ ᠶᠠᠪᠤᠴᠠ ᠵᠡᠷᠭᠡ ᠠᠭᠤᠯᠭ᠎ᠠ ᠳᠤ ᠪᠦᠬᠦ ᠲᠠᠯ᠎ᠠ ᠶᠢᠨ ᠲᠠᠶᠢᠯᠤᠮᠵᠢ ᠬᠢᠵᠦ᠂ ᠨᠠᠷᠢᠨ ᠨᠢᠮᠪᠠᠢ ᠡᠮᠬᠢᠯᠡᠵᠦ᠂ ᠭᠤᠣᠯᠳᠠᠯᠭ᠎ᠠ ᠶᠢ ᠣᠨᠣᠪᠴᠢᠲᠠᠢ ᠡᠵᠡᠮᠰᠢᠵᠦ᠂ ᠬᠤᠶᠢᠰᠢᠳᠠ ᠶᠢᠨ ᠰᠠᠭᠤᠭᠠᠯᠢ ᠠᠷᠠᠳ ᠲᠤ ᠦᠢᠯᠡᠴᠢᠯᠡᠬᠦ ᠳᠤ ᠪᠠᠲᠤ ᠪᠠᠬᠢ ᠰᠠᠭᠤᠷᠢ ᠶᠢ ᠲᠠᠯᠪᠢᠵᠠᠢ᠃ ᠡᠭᠦᠨ ᠤ ᠬᠠᠮᠲᠤ ᠰᠠᠭᠤᠭᠠᠯᠢ ᠠᠷᠠᠳ ᠤᠨ ᠸᠢᠴᠠᠲ ᠤᠨ ᠬᠤᠯᠪᠤᠭ᠎ᠠ ᠶᠢ ᠠᠰᠢᠭᠯᠠᠨ ᠬᠡᠤᠬᠡᠳ ᠪᠤᠶᠢᠵᠢᠭᠤᠯᠬᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢᠨ ᠨᠠᠷᠢᠨ ᠠᠭᠤᠯᠭ᠎ᠠ᠂ ᠭᠤᠶᠤᠴᠢᠯᠠᠬᠤ ᠵᠦᠭᠯᠡᠭᠦᠷ ᠵᠢᠴᠢ ᠪᠠᠶᠢᠩᠭᠤ ᠲᠣᠬᠢᠶᠠᠯᠳᠤᠬᠤ ᠠᠰᠠᠭᠤᠳᠠᠯ ᠤᠨ ᠲᠤᠬᠠᠶ ᠬᠠᠷᠢᠭᠤᠯᠲᠠ ᠶᠢ ᠨᠡᠶᠢᠲᠡᠯᠡᠪᠡ᠃ ᠨᠡᠶᠢᠭᠡᠮ ᠲᠣᠭᠤᠷᠢᠭ ᠤᠨ ᠠᠵᠢᠯᠲᠠᠳ ᠪᠠᠰᠠ ᠰᠠᠭᠤᠭᠠᠯᠢ ᠲᠣᠭᠤᠷᠢᠭ ᠲᠤ ᠭᠦᠨᠵᠡᠭᠡᠶᠢᠷᠡᠵᠦ᠂ ᠰᠠᠭᠤᠭᠠᠯᠢ ᠠᠷᠠᠳ ᠲᠤ ᠲᠥᠷᠥ ᠶᠢᠨ ᠪᠣᠳᠣᠯᠭ᠎ᠠ ᠶᠢ ᠨᠢᠭᠤᠷᠳᠠᠨ ᠲᠠᠶᠢᠯᠪᠤᠷᠢᠯᠠᠪᠠ᠃      ᠰᠠᠭᠤᠭᠠᠯᠢ ᠠᠷᠠᠳ ᠢ ᠳᠤᠲᠠᠭᠤ ᠭᠦᠶᠦᠯᠭᠡᠬᠦ ᠶᠢᠨ ᠲᠥᠯᠥᠭᠡ᠂ ᠨᠡᠶᠢᠭᠡᠮ ᠲᠣᠭᠤᠷᠢᠭ ᠤᠨ ᠭᠤᠶᠤᠴᠢᠯᠠᠬᠤ ᠶᠠᠪᠤᠴᠠ ᠶᠢ ᠰᠢᠯᠢᠳᠡᠭᠵᠢᠭᠦᠯᠵᠦ᠂ ᠮᠠᠲ᠋ᠧᠷᠢᠶᠠᠯ ᠨᠢ ᠪᠦᠷᠢᠨ ᠭᠦᠢᠴᠡᠳ ᠭᠤᠶᠤᠴᠢᠯᠠᠭᠰᠠᠨ ᠢ ᠲᠤᠬᠠᠶ ᠶᠢᠨ ᠲᠠᠯᠠᠪᠤᠷ ᠲᠤᠨᠢ ᠬᠦᠯᠢᠶᠡᠨ ᠠᠪᠴᠤ ᠰᠢᠢᠳᠪᠦᠷᠢᠯᠡᠨ᠎ᠡ︔ ᠮᠠᠲ᠋ᠧᠷᠢᠶᠠᠯ ᠨᠢ ᠪᠦᠷᠢᠨ ᠪᠤᠰᠤ ᠪᠠᠶᠢᠪᠠᠯ᠂ ᠰᠠᠭᠤᠭᠠᠯᠢ ᠠᠷᠠᠳ ᠲᠤ ᠨᠥᠬᠦᠪᠥᠷᠢᠯᠡᠬᠦ ᠴᠢᠬᠤᠯᠠᠲᠠᠶ ᠮᠠᠲ᠋ᠧᠷᠢᠶᠠᠯ ᠢ ᠨᠢᠭᠡ ᠯᠡ ᠤᠳᠠᠭ᠎ᠠ ᠳᠤ ᠮᠡᠳᠡᠭᠳᠡᠬᠦ ᠶᠢᠨ ᠬᠠᠮᠲᠤ ᠵᠠᠯᠭᠠᠮᠵᠢ ᠮᠥᠷᠳᠡᠨ ᠤᠶᠢᠯᠡᠴᠢᠯᠡᠭᠡ ᠬᠠᠩᠭᠠᠵᠤ᠂ ᠰᠠᠭᠤᠭᠠᠯᠢ ᠠᠷᠠᠳ ᠤᠨ ᠭᠤᠶᠤᠴᠢᠯᠠᠯ ᠢᠶᠠᠨ ᠤᠷᠤᠭᠰᠢᠲᠠᠶ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠡᠭᠦᠨ ᠤ ᠬᠠᠮᠲᠤ᠂ ᠨᠡᠶᠢᠭᠡᠮ ᠲᠣᠭᠤᠷᠢᠭ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠨᠢᠭᠲᠠ ᠨᠡᠪᠲᠡᠷᠡᠯᠴᠡᠵᠦ᠂ ᠬᠢᠨᠠᠨ ᠵᠥᠪᠰᠢᠶᠡᠷᠡᠬᠦ ᠠᠬᠢᠴᠠ ᠶᠢ ᠴᠠᠭ ᠲᠤᠬᠠᠶ ᠳᠤᠨᠢ ᠣᠶᠢᠯᠠᠭᠠᠵᠤ᠂ ᠰᠠᠭᠤᠭᠠᠯᠢ ᠠᠷᠠᠳ ᠲᠤ ᠭᠤᠶᠤᠴᠢᠯᠠᠯ ᠤᠨ ᠦᠷ᠎ᠡ ᠳ᠋ᠦᠩ ᠢ ᠲᠡᠷᠡ ᠳᠠᠷᠤᠶ ᠳᠤᠨᠢ ᠮᠡᠳᠡᠭᠦᠯᠬᠦ ᠬᠡᠷᠡᠭᠲᠡᠶ᠃      ᠶᠢᠨ ᠬᠠᠢ ᠨᠡᠶᠢᠭᠡᠮ ᠲᠣᠭᠤᠷᠢᠭ ᠤᠨ ᠬᠢᠨ ᠯᠠᠪᠳᠠᠭᠤᠨ ᠪᠠᠲᠤᠲᠠᠢ ᠪᠦᠲᠦᠮᠵᠢᠲᠡᠢ ᠠᠵᠢᠯ ᠢᠶᠠᠷ ᠳᠠᠮᠵᠢᠭᠤᠯᠵᠤ᠂ ᠪᠤᠭᠤᠲᠤ ᠬᠤᠳᠠ ᠶᠢᠨ ᠬᠡᠦᠬᠡᠳ ᠪᠤᠶᠢᠵᠢᠭᠤᠯᠬᠤ ᠨᠥᠬᠦᠪᠥᠷᠢ ᠶᠢᠨ ᠲᠦᠷᠦ ᠶᠢᠨ ᠪᠤᠳᠤᠯᠭ᠎ᠠ ᠶᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠬᠡᠷᠡᠭᠴᠡᠭᠡ ᠲᠠᠢ ᠭᠡᠷ ᠪᠦᠯᠢ ᠳᠤ ᠬᠠᠶᠢᠷ᠎ᠠ ᠬᠠᠯᠠᠮᠵᠢ ᠬᠦᠷᠭᠡᠪᠡ᠃ ᠵᠠᠯᠭᠠᠭᠠᠳ᠂ ᠶᠢᠨ ᠬᠠᠢ ᠨᠡᠶᠢᠭᠡᠮ ᠲᠣᠭᠤᠷᠢᠭ ᠤᠨ ᠬᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠦᠷᠭᠦᠯᠵᠢᠯᠡᠨ ᠠᠩᠬᠠᠷᠴᠤ᠂ ᠦᠢᠯᠡᠴᠢᠯᠡᠭᠡ ᠪᠠᠨ ᠲᠠᠰᠤᠷᠠᠯᠲᠠ ᠦᠭᠡᠢ ᠰᠢᠯᠢᠳᠡᠭᠵᠢᠭᠦᠯᠵᠦ᠂ ᠲᠦᠷᠦ ᠶᠢᠨ ᠪᠤᠳᠤᠯᠭ᠎ᠠ ᠶᠢᠨ ᠠᠰᠢᠭ ᠲᠤᠰᠠ ᠶᠢ ᠦᠨᠡᠨᠬᠦ ᠨᠡᠩ ᠤᠯᠠᠨ ᠭᠡᠷ ᠪᠦᠯᠢ ᠳᠤ ᠬᠦᠷᠲᠡᠭᠡᠵᠦ᠂ ᠦᠷᠡᠵᠢᠯ ᠤᠨ ᠨᠥᠬᠦᠷᠰᠡᠭ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠪᠤᠢ ᠪᠣᠯᠭᠠᠨ᠎ᠠ᠃   
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号