ᠬᠢᠨᠠᠯᠲᠠ ᠬᠠᠮᠢᠶᠠᠷᠤᠯᠲᠠ ᠶᠢᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠎ᠠ
ᠨᠡᠶᠢᠲᠡᠯᠡᠭᠰᠡᠨ ᠴᠠᠭ᠄
2025/3/4
      ᠪᠥᠬᠦ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠳᠠᠷᠤᠭᠠᠰᠤ ᠶᠢ ᠬᠦᠩᠭᠡᠷᠡᠭᠦᠯᠵᠦ ᠠᠵᠢᠯ ᠤᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠨ ᠪᠠᠭᠠᠰᠬᠠᠬᠤ ᠶᠢᠨ ᠲᠥᠯᠥᠭᠡ᠂ ᠣᠶᠢᠷ᠎ᠠ ᠳᠤ᠂ ᠴᠢᠩᠱᠠᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠠᠵᠢᠯᠲᠠᠳ ᠪᠤᠭᠤᠲᠤ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠵᠢᠯᠴᠠᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯ ᠢ ᠥᠷᠨᠢᠭᠦᠯᠪᠡ᠃      ᠲᠣᠰ ᠤᠳᠠᠭᠠᠨ ᠤ ᠪᠠᠶᠢᠴᠠᠭᠠᠯᠲᠠ ᠨᠢ ᠪᠠᠶᠢᠴᠠᠭᠠᠬᠤ ᠡᠲᠡᠭᠡᠳ ᠢᠶᠠᠨ ᠲᠣᠬᠢᠶᠠᠯᠳᠤᠯ ᠢᠶᠠᠷ ᠰᠣᠩᠭᠤᠨ ᠭᠠᠷᠭᠠᠬᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠬᠤ ᠠᠵᠢᠯᠲᠠᠨ ᠢ ᠲᠣᠬᠢᠶᠠᠯᠳᠤᠯ ᠢᠶᠠᠷ ᠰᠣᠩᠭᠤᠨ ᠲᠣᠮᠢᠯᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠠᠶᠢᠴᠠᠭᠠᠯᠲᠠ ᠶᠢᠨ ᠲᠥᠪ ᠭᠤᠤᠯᠴᠢ ᠴᠢᠨᠠᠷ ᠪᠠ ᠰᠢᠨᠵᠢᠯᠡᠬᠦ ᠤᠬᠠᠭᠠᠨᠴᠢ ᠴᠢᠨᠠᠷ ᠢ ᠦᠨᠡᠨ ᠬᠦ ᠪᠠᠲᠤᠯᠠᠪᠠ᠃ ᠪᠤᠭᠤᠲᠤ ᠶᠢᠨ ᠵᠢᠩ ᠤᠣ ᠨᠡᠷᠡᠨ  ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ᠂ ᠬᠠᠤᠯᠢ ᠬᠡᠷᠡᠭᠵᠢᠭᠦᠯᠬᠦ ᠠᠵᠢᠯᠲᠠᠳ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠠᠮᠤᠷ ᠲᠦᠪᠰᠢᠨ ᠤ ᠪᠡᠯᠡᠳᠬᠡᠮᠵᠢ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ᠂ ᠠᠵᠢᠯᠲᠠᠨ ᠤ ᠠᠮᠤᠷ ᠲᠦᠪᠰᠢᠨ ᠤ ᠬᠥᠮᠦᠵᠢᠯ ᠪᠣᠯᠪᠠᠰᠤᠷᠠᠭᠤᠯᠤᠯ ᠵᠢᠴᠢ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠬᠤ ᠪᠠ ᠰᠣᠷᠢᠯᠲᠠ ᠬᠢᠬᠦ ᠵᠡᠷᠭᠡ ᠲᠠᠯ᠎ᠠ ᠪᠠᠷ ᠭᠤᠤᠯᠳᠠᠯᠭ᠎ᠠ ᠲᠠᠢ ᠪᠠᠶᠢᠴᠠᠭᠠᠪᠠ᠃ ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠪᠠ ᠪᠠᠷᠢᠮᠵᠢᠶ᠎ᠠ ᠵᠢᠷᠤᠮᠵᠢᠯ ᠢ ᠴᠢᠩᠭ᠎ᠠ ᠵᠢᠷᠤᠮᠯᠠᠨ ᠪᠠᠶᠢᠴᠠᠭᠠᠯᠲᠠ ᠬᠢᠵᠦ᠂ ᠣᠯᠵᠤ ᠮᠡᠳᠡᠭᠰᠡᠨ ᠠᠰᠠᠭᠤᠳᠠᠯ ᠢ ᠲᠤᠬᠠᠶ ᠶᠢᠨ ᠲᠠᠯᠠᠪᠤᠷ ᠲᠤᠨᠢ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠵᠤ᠂ ᠠᠵᠤ ᠠᠬᠤᠶᠢᠯᠠᠯ ᠢ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠪᠠ᠃      ᠲᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠦᠷᠭᠦᠯᠵᠢᠯᠡᠨ ᠪᠥᠬᠦ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠯᠬᠤᠴᠠ ᠶᠢ ᠴᠢᠩᠭ᠎ᠠ ᠳᠠᠭᠠᠵᠤ᠂ ᠠᠵᠢᠯ ᠤᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠵᠦ᠂ ᠠᠵᠢᠯ ᠤᠨ ᠲᠣᠭᠲᠠᠴᠠ ᠪᠠᠨ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠠᠵᠤ ᠠᠬᠤᠶᠢᠯᠠᠯ ᠤᠨ ᠬᠥᠭᠵᠢᠯᠲᠡ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠵᠤ ᠥᠭᠭᠦᠨ᠎ᠡ᠃   
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号