ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠬᠡᠤᠬᠡᠳ ᠤᠨ ᠴᠡᠴᠡᠷᠯᠢᠭ ᠤᠨ ᠳᠠᠷᠤᠭ᠎ᠠ ᠪᠠᠭᠰᠢ ᠶᠢ ᠵᠣᠬᠢᠶᠠᠨ ᠪᠠᠶᠢᠭᠤᠯᠵᠤ ᠲᠤᠰᠬᠠᠶ ᠰᠡᠳᠦᠪᠲᠦ ᠪᠣᠯᠪᠠᠰᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2025/3/4
      ᠮᠠᠨ ᠤ ᠲᠤᠭᠤᠷᠢᠭ ᠤᠨ ᠬᠡᠤᠬᠡᠳ ᠤᠨ ᠴᠡᠴᠡᠷᠯᠢᠭ ᠤᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠠᠭᠰᠢ ᠶᠢᠨ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠬᠢᠭᠡᠳ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ 2 ᠰᠠᠷ᠎ᠠ ᠶᠢᠨ 25᠎ ᠤ ᠡᠳᠦᠷ ᠠᠴᠠ 26᠎ ᠤ ᠡᠳᠦᠷ ᠪᠣᠯᠲᠠᠯ᠎ᠠ᠂ ᠪᠥᠬᠦ ᠲᠤᠭᠤᠷᠢᠭ ᠤᠨ ᠬᠡᠤᠬᠡᠳ ᠤᠨ ᠴᠡᠴᠡᠷᠯᠢᠭ ᠤᠨ ᠳᠠᠷᠤᠭ᠎ᠠ᠂ ᠪᠠᠭᠰᠢ ᠶᠢ ᠵᠣᠬᠢᠶᠠᠨ ᠪᠠᠶᠢᠭᠤᠯᠤᠨ ︽ᠪᠣᠯᠪᠠᠰᠤᠷᠠᠭᠤᠯᠤᠯ ᠤᠨ ᠶᠠᠷᠢᠯᠴᠠᠬᠤ ᠬᠤᠷᠠᠯ︾᠎ ᠤᠨ ᠠᠷᠭ᠎ᠠ ᠮᠠᠶ᠋ᠢᠭ ᠢᠶᠠᠷ ᠲᠤᠰᠬᠠᠶ ᠰᠡᠳᠦᠪᠲᠦ ᠪᠣᠯᠪᠠᠰᠤᠷᠠᠭᠤᠯᠤᠯ ᠢ ᠥᠷᠨᠢᠭᠦᠯᠪᠡ᠃ ᠪᠥᠬᠦ ᠲᠤᠭᠤᠷᠢᠭ ᠤᠨ 500 ᠰᠢᠬᠠᠮ ᠬᠡᠦᠬᠡᠳ ᠤᠨ ᠴᠡᠴᠡᠷᠯᠢᠭ ᠤᠨ ᠳᠠᠷᠤᠭ᠎ᠠ᠂ ᠪᠠᠭᠰᠢ ᠨᠠᠷ ᠨᠢᠭᠡ ᠲᠠᠩᠬᠢᠮ ᠳᠤ ᠴᠤᠭᠯᠠᠷᠠᠵᠤ᠂ ᠡᠨᠡ ᠤᠳᠠᠭᠠᠨ ᠤ ᠮᠡᠳᠡᠯᠭᠡ ᠪᠠ ᠮᠡᠷᠭᠡᠵᠢᠯ ᠴᠢᠳᠠᠪᠤᠷᠢ ᠶᠢᠨ ᠰᠢᠨ᠎ᠡ ᠠᠶᠠᠨ ᠢᠶᠠᠨ ᠬᠠᠮᠲᠤ ᠪᠠᠷ ᠡᠬᠢᠯᠡᠭᠦᠯᠪᠡ᠃      2 ᠰᠠᠷ᠎ᠠ ᠶᠢᠨ 25᠎ ᠤ ᠡᠳᠦᠷ ᠤᠨ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠡᠳᠬᠢᠴᠡ ᠶᠢᠨ ᠭᠠᠵᠠᠷ ᠤᠨ ︽ᠬᠤᠲᠠ ᠪᠠᠯᠭᠠᠰᠤᠵᠢᠯᠲᠠ ᠶᠢᠨ ᠶᠠᠪᠤᠴᠠ ᠳᠠᠬᠢ ᠬᠡᠤᠬᠡᠳ ᠤᠨ ᠢᠳᠡᠪᠬᠢᠲᠡᠶ ᠦᠢᠯᠡ ᠠᠵᠢᠯᠯᠠᠭ᠎ᠠ ᠶᠢ ᠪᠣᠶ ᠪᠣᠯᠭᠠᠬᠤ︾ ᠰᠡᠳᠦᠪ ᠤᠨ ᠪᠦᠲᠦᠴᠡ ᠶᠢᠨ ᠬᠥᠮᠦᠨ ᠸᠠᠩ ᠬᠤᠶ ᠪᠠᠭᠰᠢ ᠬᠤᠱᠣᠩ ᠶᠦᠮᠦᠷᠯᠢᠭ ᠦᠭᠡ ᠬᠡᠯᠡ ᠪᠠᠷ ᠪᠠᠭᠰᠢ ᠪᠣᠯᠤᠨ ᠬᠡᠷ ᠤᠨ ᠠᠬᠠᠮᠠᠳ ᠤᠨ ᠨᠡᠪᠲᠡᠷᠡᠯᠴᠡᠭᠡ ᠶᠢᠨ ᠪᠦᠲᠦᠮᠵᠢᠲᠡᠶ ᠠᠷᠭ᠎ᠠ ᠶᠢ ᠭᠦᠨᠵᠡᠭᠡᠶ ᠪᠥᠭᠡᠳ ᠣᠶᠢᠯᠠᠭᠠᠮᠵᠢᠲᠠᠶ ᠪᠠᠷ ᠲᠣᠳᠣᠷᠬᠠᠶᠢᠯᠠᠨ ᠥᠭᠦᠯᠡᠪᠡ᠃ 3— 6 ᠨᠠᠰᠤᠨ ᠤ ᠬᠡᠦᠬᠡᠳ ᠤᠨ ᠬᠥᠭᠵᠢᠯᠲᠡ ᠶᠢᠨ ᠵᠢᠮ᠎ᠡ ᠶᠣᠰᠣᠨ ᠤ ᠤᠨᠤᠯ ᠤᠨ ᠮᠡᠳᠡᠯᠭᠡ᠂ ᠪᠣᠳᠠᠲᠤ ᠬᠡᠷᠡᠭ ᠤᠨ ᠵᠢᠱᠢᠶ᠎ᠡ ᠶᠢ ᠬᠡᠦᠬᠡᠳ ᠤᠨ ᠢᠷᠡᠭᠡᠳᠦᠢ ᠶᠢᠨ ᠬᠥᠭᠵᠢᠯᠲᠡ ᠲᠠᠢ ᠤᠶᠠᠯᠳᠤᠭᠤᠯᠤᠨ ᠶᠠᠷᠢᠵᠠᠢ᠃ ᠸᠠᠩ ᠪᠠᠭᠰᠢ ᠨᠢᠯᠬ᠎ᠠ ᠪᠠᠭ᠎ᠠ ᠰᠤᠷᠭᠠᠭᠤᠯᠢ ᠶᠢ ᠵᠣᠯᠭᠠᠭᠤᠯᠬᠤ ᠦᠢᠯᠡᠳᠦᠯᠭᠡ ᠪᠣᠯᠤᠨ ᠤᠷᠢᠳᠴᠢᠯᠠᠨ ᠰᠤᠷᠭᠠᠨ ᠬᠥᠮᠦᠵᠢᠭᠦᠯᠬᠦ ᠠᠵᠢᠯᠯᠠᠭ᠎ᠠ ᠶᠢᠨ ᠬᠡᠷᠡᠭ ᠤᠨ ᠵᠢᠱᠢᠶ᠎ᠡ ᠵᠢᠴᠢ ᠨᠠᠷᠢᠨ ᠪᠣᠳᠠᠲᠠᠢ ᠲᠤᠭ᠎ᠠ ᠪᠠᠷᠢᠮᠲᠠ ᠪᠠᠷ ᠳᠠᠮᠵᠢᠭᠤᠯᠤᠨ᠂ ᠪᠠᠭᠰᠢ ᠨᠠᠷ ᠲᠤ ᠴᠠᠭ ᠬᠤᠭᠤᠴᠠᠭ᠎ᠠ ᠪᠠ ᠣᠷᠣᠨ ᠵᠠᠢ ᠶᠢᠨ ᠬᠢᠵᠠᠭᠠᠷᠯᠠᠯ ᠢ ᠡᠪᠳᠡᠵᠦ᠂ ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠪᠠᠶᠠᠯᠢᠭᠵᠢᠭᠤᠯᠵᠤ᠂ ᠵᠢᠭᠠᠨ ᠰᠤᠷᠭᠠᠯᠲᠠ ᠶᠢ ᠨᠡᠩ ᠥᠪᠡᠷᠮᠢᠴᠡ᠂ ᠣᠨᠣᠪᠴᠢᠲᠠᠢ᠂ ᠰᠢᠨᠵᠢᠯᠡᠬᠦ ᠤᠬᠠᠭᠠᠨᠴᠢᠯᠠᠬᠤ ᠶᠢ ᠲᠠᠨᠢᠯᠴᠠᠭᠤᠯᠵᠠᠢ᠃ ᠡᠨᠡ ᠤᠳᠠᠭᠠᠨ ᠤ ᠪᠣᠯᠪᠠᠰᠤᠷᠠᠯ ᠨᠢ ᠤᠯᠠᠮᠵᠢᠯᠠᠯᠲᠤ ᠬᠢᠴᠢᠶᠡᠯ ᠤᠨ ᠲᠠᠩᠬᠢᠮ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠶᠢᠨ ᠬᠠᠮᠲᠤ ᠭᠡᠷ ᠣᠷᠣᠨ ᠤ ᠮᠡᠳᠡᠭᠡ ᠵᠠᠩᠭᠢ ᠶᠢᠨ ᠨᠡᠪᠲᠡᠷᠡᠯᠴᠡᠭᠡ ᠶᠢ ᠠᠬᠢᠭᠤᠯᠪᠠ᠃       ᠦᠳᠡ ᠶᠢᠨ ᠬᠤᠶᠢᠨ᠎ᠠ᠂ ᠬᠡᠤᠬᠡᠳ ᠤᠨ ᠴᠡᠴᠡᠷᠯᠢᠭ ᠤᠨ ᠳᠠᠷᠤᠭ᠎ᠠ ᠲᠣᠰ ᠡᠳᠦᠷ ᠤᠨ ᠪᠣᠯᠪᠠᠰᠤᠷᠠᠯ ᠳᠤ ᠴᠢᠭᠯᠡᠭᠦᠯᠦᠨ᠂ ᠪᠤᠳᠤᠭᠰᠠᠨ ᠢᠶᠠᠨ  ᠰᠤᠯᠢᠯᠴᠠᠨ ᠶᠠᠷᠢᠵᠤ᠂ ᠬᠡᠤᠬᠡᠳ ᠪᠠᠭᠠᠴᠤᠳ ᠢ ᠵᠣᠯᠭᠠᠭᠤᠯᠬᠤ ᠪᠣᠯ ᠬᠡᠤᠬᠡᠳ ᠪᠠᠭᠠᠴᠤᠳ ᠤᠨ ᠬᠡᠤᠬᠡᠳ ᠤᠨ ᠴᠡᠴᠡᠷᠯᠢᠭ ᠠᠴᠠ ᠪᠠᠭ᠎ᠠ ᠰᠤᠷᠭᠠᠭᠤᠯᠢ ᠬᠦᠷᠲᠡᠯᠡᠬᠢ ᠵᠠᠩᠭᠢᠯᠠᠭ᠎ᠠ ᠶᠢᠨ ᠱᠠᠲᠤ ᠦᠶ᠎ᠡ ᠪᠣᠯᠤᠨ᠎ᠠ᠂ ᠲᠡᠭᠦᠨ ᠤ ᠴᠢᠬᠤᠯᠠ ᠴᠢᠨᠠᠷ ᠨᠢ ᠬᠡᠤᠬᠡᠳ ᠤᠨ ᠪᠡᠶ᠎ᠡ ᠰᠡᠳᠬᠢᠯ ᠤᠨ ᠬᠥᠭᠵᠢᠯᠲᠡ᠂ ᠰᠤᠷᠤᠯᠴᠠᠵᠤ ᠵᠣᠬᠢᠴᠠᠬᠤ ᠴᠢᠳᠠᠪᠤᠷᠢ ᠵᠢᠴᠢ ᠢᠷᠡᠭᠡᠳᠦᠶ ᠶᠢᠨ ᠦᠰᠦᠨ ᠪᠤᠶᠢᠵᠢᠯᠲᠠ ᠳᠤ ᠦᠵᠡᠭᠦᠯᠬᠦ ᠠᠯᠤᠰ ᠬᠡᠲᠦ ᠶᠢᠨ ᠨᠥᠯᠥᠭᠡ ᠳᠡᠭᠡᠷ᠎ᠡ ᠢᠯᠡᠷᠡᠵᠦ ᠪᠠᠶᠢᠨ᠎ᠠ ᠭᠡᠵᠦ ᠢᠯᠡᠳᠬᠡᠵᠡᠭᠡᠪᠡ᠃ ᠸᠠᠩ ᠪᠠᠭᠰᠢ ᠢᠯᠡᠷᠬᠡᠶᠢᠯᠡᠬᠦ ᠳᠡᠭᠡᠨ᠂ 3 - 8 ᠨᠠᠰᠤ ᠪᠣᠯ ᠬᠡᠤᠬᠡᠳ ᠪᠠ ᠪᠠᠭᠠᠴᠤᠳ ᠢ ᠵᠣᠯᠭᠠᠭᠤᠯᠬᠤ ᠬᠥᠭᠵᠢᠯᠲᠡ ᠶᠢᠨ ᠵᠠᠩᠭᠢᠯᠠᠭ᠎ᠠ ᠶᠢᠨ ᠴᠠᠭ ᠦᠶ᠎ᠡ ᠮᠥᠨ᠂ ᠬᠡᠤᠬᠡᠳ ᠪᠠ ᠪᠠᠭᠠᠴᠤᠳ‌ᠢ ᠵᠣᠯᠭᠠᠭᠤᠯᠬᠤ ᠪᠣᠯ ᠮᠡᠳᠡᠯᠭᠡ ᠪᠣᠯᠬᠤ ᠪᠠᠷ ᠪᠠᠷᠠᠬᠤ ᠥᠬᠡᠶ᠂ ᠨᠠᠩ ᠴᠢᠬᠤᠯᠠ ᠨᠢ ᠴᠢᠳᠠᠪᠤᠷᠢ ᠪᠣᠯᠤᠨ᠎ᠠ᠃ ᠭᠡᠷ ᠤᠨ ᠠᠬᠠᠮᠠᠳ ᠢ ᠬᠠᠪᠰᠤᠷᠴᠤ ᠬᠡᠦᠬᠡᠳ ᠤᠨ ᠴᠢᠳᠠᠪᠤᠷᠢ ᠶᠢᠨ ᠬᠥᠭᠵᠢᠯᠲᠡ ᠶᠢᠨ ᠲᠥᠭᠡᠷᠢᠭᠳᠡᠯ ᠢ ᠨᠢ ᠰᠢᠢᠳᠪᠦᠷᠢᠯᠡᠵᠦ ᠦᠭᠭᠦᠨ᠎ᠡ᠃ ᠬᠥᠮᠦᠨ ᠪᠤᠯᠭᠠᠨ ᠪᠦᠷ ᠬᠡᠦᠬᠡᠳ ᠨᠢᠯᠬ᠎ᠠ ᠪᠠᠭ᠎ᠠ ᠶᠢ ᠵᠣᠯᠭᠠᠭᠤᠯᠬᠤ ᠱᠠᠲᠤᠨ ᠤ ᠴᠢᠳᠠᠪᠤᠷᠢ ᠶᠢᠨ ᠬᠥᠭᠵᠢᠯᠲᠡ ᠶᠢᠨ ᠵᠢᠯᠤᠭᠤᠳᠤᠭᠴᠢ ᠪᠠ ᠦᠨᠡᠯᠡᠭᠴᠢ ᠪᠤᠯᠵᠤ ᠪᠤᠯᠤᠨ᠎ᠠ᠃ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ ᠳᠠᠷᠤᠭ᠎ᠠ ᠰᠦᠨ ᠰᠢᠨ ᠴᠢᠬᠤᠯᠠᠴᠢᠯᠠᠭᠰᠠᠨ ᠨᠢ᠂ ᠣᠶᠤᠨᠲᠤ ᠰᠤᠷᠭᠠᠨ ᠬᠥᠮᠦᠵᠢᠯ ᠪᠣᠯ ᠲᠣᠭᠠᠴᠢᠯᠠᠭᠰᠠᠨ ᠴᠠᠭ ᠦᠶ᠎ᠡ ᠶᠢᠨ ᠰᠤᠷᠭᠠᠨ ᠬᠥᠮᠦᠵᠢᠯ ᠤᠨ ᠰᠢᠨ᠎ᠡ ᠬᠡᠯᠪᠡᠷᠢ ᠮᠥᠨ᠂ ᠰᠤᠷᠭᠠᠨ ᠬᠥᠮᠦᠵᠢᠯ ᠤᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠴᠢᠬᠤᠯᠠ ᠬᠠᠷᠠᠯᠲᠠ ᠮᠥᠨ᠂ ᠢᠷᠡᠭᠡᠳᠦᠢ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢᠨ ᠴᠢᠭᠯᠡᠯ ᠮᠥᠨ᠃ ᠡᠯ᠎ᠡ ᠬᠡᠦᠬᠡᠳ ᠤᠨ ᠴᠡᠴᠡᠷᠯᠢᠭ ᠨᠢ ᠣᠳᠣᠬᠢᠴᠢᠯᠠᠭᠰᠠᠨ ᠣᠶᠤᠨᠴᠢ ᠬᠡᠦᠬᠡᠳ ᠤᠨ ᠴᠡᠴᠡᠷᠯᠢᠭ ᠢ ᠪᠦᠬᠦ ᠲᠠᠯ᠎ᠠ ᠪᠠᠷ ᠪᠠᠶᠢᠭᠤᠯᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠤᠶᠤᠨᠴᠢᠯᠠᠭᠰᠠᠨ ᠬᠡᠦᠬᠡᠳ ᠤᠨ ᠴᠡᠴᠡᠷᠯᠢᠭ ᠲᠡᠰᠢ ᠬᠡᠯᠪᠡᠷᠢ ᠪᠠᠨ ᠬᠤᠪᠢᠷᠠᠭᠤᠯᠬᠤ ᠶᠢᠨ ᠬᠠᠮᠲᠤ ᠭᠡᠷ ᠤᠨ ᠠᠬᠠᠮᠠᠳ ᠤᠨ ᠬᠡᠦᠬᠡᠳ ᠢᠶᠠᠨ ᠪᠤᠶᠢᠵᠢᠭᠤᠯᠬᠤ ᠲᠦᠪᠰᠢᠨ ᠢ ᠳᠡᠭᠡᠭᠰᠢᠯᠡᠭᠦᠯᠬᠦ ᠳᠤ ᠰᠢᠨ᠎ᠡ ᠠᠷᠭ᠎ᠠ ᠵᠠᠮ ᠬᠠᠩᠭᠠᠵᠤ᠂ ᠭᠡᠷ ᠣᠷᠣᠨ ᠢᠶᠠᠨ ᠨᠡᠩ ᠳᠥᠭᠦᠮ ᠳᠥᠲᠡ ᠪᠠ ᠥᠨᠳᠥᠷ ᠪᠦᠲᠦᠮᠵᠢᠲᠡᠢ ᠪᠣᠯᠭᠠᠵᠤ᠂ ᠰᠤᠷᠭᠠᠨ ᠬᠥᠮᠦᠵᠢᠯ ᠢ ᠨᠡᠩ ᠤᠶᠤᠨ ᠤᠬᠠᠭᠠᠨ ᠪᠠ ᠬᠠᠶᠢᠷ᠎ᠠ ᠬᠠᠯᠠᠮᠵᠢ ᠪᠣᠯᠭᠠᠬᠤ ᠬᠡᠷᠡᠭᠲᠡᠢ ᠭᠡᠪᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号