ᠴᠢᠩᠱᠠᠨ ᠲᠣᠭᠤᠷᠢᠭ ᠤᠨ ᠵᠠᠯᠠᠭᠤᠴᠤᠳ ᠤᠨ ᠣᠷᠣᠢ ᠶᠢᠨ ᠰᠤᠷᠭᠠᠭᠤᠯᠢ ᠶᠢᠨ ᠳᠠᠭᠤᠤ ᠬᠥᠭᠵᠢᠮ ᠤᠨ ᠪᠣᠯᠪᠠᠰᠤᠷᠠᠯ ᠤᠨ ᠬᠢᠴᠢᠶᠡᠯ ᠪᠦᠦ ᠯᠢ ᠨᠡᠶᠢᠭᠡᠮ ᠲᠣᠭᠤᠷᠢᠭ ᠤᠨ ᠵᠠᠯᠠᠭᠤᠴᠤᠳ ᠤᠨ ᠭᠠᠵᠠᠷ ᠲᠤ ᠵᠢᠩᠬᠢᠨᠢ ᠪᠠᠷ ᠬᠢᠴᠢᠶᠡᠯ ᠡᠬᠢᠯᠡᠪᠡ︕
ᠨᠡᠶᠢᠲᠡᠯᠡᠭᠰᠡᠨ ᠴᠠᠭ᠄
2025/3/5
      ᠤᠶᠢᠷ᠎ᠠ ᠳᠤ᠂ ᠴᠢᠩᠱᠠᠨ ᠲᠣᠭᠤᠷᠢᠭ ᠤᠨ ︽ᠵᠠᠯᠠᠭᠤᠴᠤᠳ ᠤᠨ ᠤᠷᠠᠯᠢᠭ ᠤᠨ ᠣᠷᠣᠢ ᠶᠢᠨ ᠰᠤᠷᠭᠠᠭᠤᠯᠢ︾᠎ ᠶᠢᠨ ᠳᠠᠭᠤᠤ ᠬᠥᠭᠵᠢᠮ ᠤᠨ ᠪᠣᠯᠪᠠᠰᠤᠷᠠᠯ ᠤᠨ ᠬᠢᠴᠢᠶᠡᠯ ᠪᠤᠤ ᠯᠢ ᠨᠡᠢᠭᠡᠮ ᠲᠣᠭᠤᠷᠢᠭ ᠤᠨ ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠪᠤᠤ ᠯᠢ ᠵᠠᠯᠠᠭᠤᠴᠤᠳ ᠤᠨ ᠭᠠᠵᠠᠷ ᠲᠤ ᠵᠢᠩᠬᠢᠨᠢ ᠪᠠᠷ ᠬᠢᠴᠢᠶᠡᠯ ᠡᠬᠢᠯᠡᠪᠡ᠃ ᠲᠣᠰ ᠤᠳᠠᠭᠠᠨ ᠤ ᠠᠵᠢᠯᠯᠠᠭ᠎ᠠ ᠶᠢ ᠪᠦᠦ ᠯᠢ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠪᠣᠯᠤᠨ ᠪᠤᠭᠤᠲᠤ ᠶᠢᠨ ᠵᠠᠯᠠᠭᠤᠴᠤᠳ ᠤᠨ ᠣᠷᠣᠢ ᠶᠢᠨ ᠰᠤᠷᠭᠠᠭᠤᠯᠢ ᠭᠠᠷ ᠬᠤᠯᠪᠣᠨ ᠡᠷᠬᠢᠯᠡᠵᠦ᠂ ᠨᠡᠶᠢᠭᠡᠮ ᠲᠣᠭᠤᠷᠢᠭ ᠤᠨ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠶᠢᠷᠡᠭᠦᠯᠵᠦ᠂ ᠵᠠᠯᠠᠭᠤᠴᠤᠳ ᠤᠨ ᠤᠷᠠᠯᠢᠭ ᠤᠨ ᠳᠠᠯᠳᠠ ᠴᠢᠳᠠᠪᠤᠷᠢ ᠶᠢ ᠤᠯᠠᠮ ᠨᠢᠭᠡ ᠠᠯᠬᠤᠮ ᠬᠥᠭᠵᠢᠭᠡᠵᠦ᠂ ᠨᠡᠶᠢᠭᠡᠮ ᠲᠣᠭᠤᠷᠢᠭ ᠤᠨ ᠵᠠᠯᠠᠭᠤᠴᠤᠳ ᠤᠨ ᠰᠠᠭᠤᠭᠠᠯᠢ ᠠᠷᠠᠳ ᠲᠤ ᠳᠠᠭᠤᠤ ᠬᠥᠭᠵᠢᠮ ᠰᠤᠷᠤᠯᠴᠠᠬᠤ ᠰᠢᠯᠢᠳᠡᠭ ᠲᠠᠪᠴᠠᠩ ᠪᠠᠶᠢᠭᠤᠯᠵᠤ ᠥᠭᠬᠦ ᠶᠢᠨ ᠲᠥᠯᠥᠭᠡ ᠶᠤᠮ᠃      ᠲᠤᠰ ᠤᠷᠤᠢ᠂ ᠪᠦᠦ ᠯᠢ ᠨᠡᠶᠢᠭᠡᠮ ᠲᠣᠭᠤᠷᠢᠭ ᠤᠨ ᠵᠠᠯᠠᠭᠤᠴᠤᠳ ‍ᠤᠨ‌ᠭᠠᠵᠠᠷ ᠰᠢᠷ᠎ᠠ ᠥᠩᠭᠡᠲᠦ ᠳ᠋ᠧᠩ ᠤᠨ ᠭᠡᠷᠡᠯ ᠳᠤᠸᠠᠯᠠᠵᠦ ᠢᠷᠠᠭᠤ ᠰᠠᠶᠢᠬᠠᠨ ᠬᠤᠭᠤᠷ ᠤᠨ ᠠᠶᠠᠰ ᠴᠤᠤᠷᠢᠶᠠᠲᠤᠵᠤ᠂ ᠨᠢᠭᠡ ᠵᠦᠢᠯ ᠤᠨ ᠵᠡᠭᠦᠳᠦ ᠵᠡᠷᠭᠡᠯᠭᠡᠨ ᠮᠡᠲᠦ ᠷᠣᠮᠠᠨᠲ᠋ᠢᠭ ᠤᠷᠠᠯᠢᠭ ᠤᠨ ᠠᠭᠤᠷ ᠠᠮᠢᠰᠬᠤᠯ ᠢ ᠪᠤᠢ ᠪᠣᠯᠭᠠᠪᠠ᠃ ᠎ ᠶᠢᠨ ᠯᠦ ᠪᠠᠭᠰᠢ ᠨᠢ ᠠᠩᠬᠠᠳᠠᠭᠴᠢ ᠬᠢᠴᠢᠶᠡᠯ ᠤᠨ ᠪᠠᠭᠰᠢ ᠪᠣᠯᠤᠭᠰᠠᠨ ᠤ ᠬᠤᠪᠢ ᠳᠤ᠂ ᠨᠢᠭᠡ ᠪᠠᠳᠠᠭ ︽ᠳᠡᠯᠡᠬᠡᠶ ᠳ᠋ᠠᠬᠢᠨ ᠢ ᠪᠡᠯᠡᠭᠯᠡᠶ᠎ᠡ︾ ᠭᠡᠬᠦ ᠠᠶᠠᠰ ᠢᠶᠠᠷ ᠬᠢᠴᠢᠶᠡᠯ ᠢᠶᠠᠨ ᠡᠬᠢᠯᠡᠪᠡ᠃ ᠲᠡᠷᠡ ︽ᠤᠨᠤᠯ ᠤᠨ ᠲᠠᠶᠢᠯᠪᠤᠷᠢᠯᠠᠯᠲᠠ + ᠭᠦᠨ ᠤᠶᠢᠯᠭᠠᠬᠤ︾ ᠬᠡᠯᠪᠡᠷᠢ ᠶᠢᠨ ᠵᠢᠭᠠᠨ ᠰᠤᠷᠭᠠᠯᠲᠠ ᠶᠢᠨ ᠵᠠᠭᠪᠤᠷ ᠢ ᠬᠡᠷᠡᠭᠯᠡᠵᠦ᠂ ᠨᠠᠷᠢᠨ ᠪᠤᠳᠤᠯᠢᠶᠠᠨᠲᠠᠢ ᠳᠠᠭᠤᠤ ᠬᠥᠭᠵᠢᠮ ᠤᠨ ᠤᠨᠤᠯ ᠢ ᠣᠶᠢᠯᠠᠭᠠᠬᠤ ᠳᠤ ᠬᠢᠯᠪᠠᠷ ᠦᠢᠯᠡᠳᠦᠯᠭᠡ ᠶᠢᠨ ᠵᠢᠯᠤᠭᠤᠳᠤᠯᠭ᠎ᠠ ᠪᠣᠯᠭᠠᠨ ᠬᠤᠪᠢᠷᠠᠭᠤᠯᠵᠤ᠂ ᠰᠤᠷᠤᠭᠴᠢᠳ ᠢ ᠳᠠᠭᠠᠭᠤᠯᠤᠨ ᠠᠮᠢᠰᠬᠤᠯ ᠤᠨ ᠪᠣᠯᠪᠠᠰᠤᠷᠠᠯ ᠪᠣᠯᠤᠨ ᠳᠠᠭᠤᠨ ᠤ ᠱᠠᠲᠤᠨ ᠤ ᠪᠣᠯᠪᠠᠰᠤᠷᠠᠯ ᠬᠢᠯᠭᠡᠵᠦ᠂ ᠰᠤᠷᠤᠭᠴᠢᠳ ᠲᠤ ᠪᠠᠶᠠᠷ ᠪᠠᠶᠠᠰᠬᠤᠯᠠᠩᠲᠤ ᠠᠭᠤᠷ ᠠᠮᠢᠰᠬᠤᠯ ᠤᠨ ᠳᠤᠮᠳᠠ ᠳᠠᠭᠤᠤ ᠬᠥᠭᠵᠢᠮ ᠤᠨ ᠷᠢᠳᠢ ᠰᠢᠳᠢ ᠶᠢ ᠮᠡᠳᠡᠷᠡᠭᠦᠯᠪᠡ᠃      ᠵᠠᠯᠠᠭᠤᠴᠤᠳ ᠤᠨ ᠣᠷᠣᠶ ᠶᠢᠨ ᠰᠤᠷᠭᠠᠭᠤᠯᠢ ᠵᠠᠯᠠᠭᠤᠴᠤᠳ ᠤᠨ ᠣᠯᠠᠨ ᠶᠠᠩᠵᠤ ᠶᠢᠨ ᠰᠤᠷᠤᠯᠴᠠᠬᠤ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠣᠷᠣᠨ ᠪᠦᠰᠡ ᠶᠢᠨ ᠳᠣᠲᠣᠷ᠎ᠠ ᠭᠠᠳᠠᠨᠠᠬᠢ ᠴᠢᠨᠠᠷ ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠢ ᠥᠷᠭᠡᠨ ᠢᠶᠠᠷ ᠳᠠᠶᠢᠴᠢᠯᠠᠬᠤ ᠶᠢᠨ ᠬᠠᠮᠲᠤ ᠡᠮᠬᠢᠯᠡᠨ ᠨᠡᠶᠢᠯᠡᠭᠦᠯᠵᠦ᠂ ᠵᠠᠯᠠᠭᠤᠴᠤᠳ ᠲᠤ ᠥᠷᠭᠡᠨ ᠠᠭᠤᠳᠠᠮ ᠪᠥᠭᠡᠳ ᠣᠯᠠᠨ ᠡᠰᠢᠲᠦ ᠰᠤᠷᠤᠯᠴᠠᠬᠤ ᠲᠠᠪᠴᠠᠩ ᠬᠠᠩᠭᠠᠵᠤ᠂ ᠰᠣᠶᠣᠯ ᠤᠨ ᠬᠡᠪ ᠪᠣᠯᠪᠠᠰᠤᠷᠠᠯ᠂ ᠡᠷᠡᠭᠦᠯ ᠰᠡᠳᠬᠢᠴᠡ ᠶᠢᠨ ᠪᠠᠶᠢᠳᠠᠯ ᠪᠠ ᠢᠳᠡᠪᠬᠢ ᠴᠢᠳᠠᠪᠤᠷᠢ ᠲᠠᠢ ᠵᠠᠯᠠᠭᠤᠴᠤᠳ ᠢ ᠬᠥᠮᠦᠵᠢᠭᠦᠯᠵᠦ᠂ ᠨᠡᠶᠢᠭᠡᠮ ᠲᠣᠭᠤᠷᠢᠭ ᠤᠨ ᠪᠣᠯᠪᠠᠰᠤᠨ ᠡᠶ᠎ᠡ ᠵᠣᠬᠢᠴᠠᠩᠭᠤᠶ᠂ ᠢᠳᠡᠪᠬᠢᠲᠡᠶ ᠪᠠᠷ ᠥᠭᠡᠳᠡᠯᠡᠨ ᠳᠠᠪᠰᠢᠬᠤ ᠶᠢ ᠠᠬᠢᠭᠤᠯᠬᠤ ᠶᠢᠨ ᠲᠥᠯᠥᠭᠡ ᠶᠤᠮ᠃      ᠳᠠᠷᠠᠭᠠᠴᠢ ᠶᠢᠨ ᠠᠯᠬᠤᠮ ᠳᠤ ᠪᠦᠦ ᠯᠢ ᠨᠡᠶᠢᠭᠡᠮ ᠲᠣᠭᠤᠷᠢᠭ ᠤᠨ ᠬᠢᠨ ᠨᠡᠶᠢᠭᠡᠮ ᠲᠣᠭᠤᠷᠢᠭ ᠤᠨ ᠵᠠᠯᠠᠭᠤ ᠰᠠᠭᠤᠭᠠᠯᠢ ᠠᠷᠠᠳ ᠲᠤ ᠥᠪᠡᠷ ᠢ ᠪᠠᠨ ᠳᠡᠯᠭᠡᠨ ᠦᠵᠡᠭᠦᠯᠬᠦ᠂ ᠠᠪᠢᠶᠠᠰ ᠴᠢᠳᠠᠪᠤᠷᠢ ᠪᠠᠨ ᠳᠡᠭᠡᠭᠰᠢᠯᠡᠭᠦᠯᠬᠦ ᠲᠠᠪᠴᠠᠩ ᠢ ᠦᠷᠭᠦᠯᠵᠢᠯᠡᠨ ᠬᠠᠩᠭᠠᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠬᠤᠭᠤᠷᠣᠨᠳᠣᠬᠢ ᠰᠣᠯᠢᠯᠴᠠᠭ᠎ᠠ ᠪᠠ ᠦᠢᠯᠡᠳᠦᠯᠴᠡᠯ ᠢ ᠠᠬᠢᠭᠤᠯᠵᠤ᠂ ᠨᠡᠶᠢᠭᠡᠮ ᠲᠣᠭᠤᠷᠢᠭ ᠤᠨ ᠨᠢᠭᠲᠠᠷᠠᠯ ᠤᠨ ᠬᠦᠴᠦᠨ ᠪᠠ ᠲᠥᠪᠯᠡᠩᠭᠦᠶ ᠬᠦᠴᠦᠨ ᠢ ᠴᠢᠩᠭᠠᠷᠠᠭᠤᠯᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠨᠡᠩ ᠰᠠᠶᠢᠨ ᠰᠠᠶᠢᠬᠠᠨ ᠤᠶᠤᠨ ᠰᠠᠨᠠᠭᠠᠨ ᠤ ᠰᠣᠶᠣᠯ ᠤᠨ ᠡᠳ᠋ᠯᠡᠯ ᠢ ᠬᠦᠷᠲᠡᠭᠡᠨ᠎ᠡ᠃   
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号