ᠴᠢᠩᠱᠠᠨ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ︽ᠭᠤᠷᠪᠠ ᠶᠢ ᠠᠪᠤᠷᠠᠵᠤ ᠭᠤᠷᠪᠠ ᠶᠢ ᠬᠠᠨᠳᠢᠪᠯᠠᠬᠤ︾ ᠮᠡᠳᠡᠯᠭᠡ ᠶᠢᠨ ᠤᠬᠠᠭᠤᠯᠭ᠎ᠠ ᠪᠠ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠠᠬᠤ ᠠᠵᠢᠯᠯᠠᠭ᠎ᠠ ᠶᠢ ᠦᠷᠨᠢᠭᠦᠯᠪᠡ
ᠨᠡᠶᠢᠲᠡᠯᠡᠭᠰᠡᠨ ᠴᠠᠭ᠄
2025/3/5
      3 ᠰᠠᠷ᠎ᠠ ᠶᠢᠨ 2᠎ ᠤ ᠡᠳᠦᠷ᠂ ᠴᠢᠩᠱᠠᠨ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠪᠤᠭᠤᠲᠤ ᠬᠤᠲᠠ ᠶᠢᠨ ᠨᠢᠭᠡᠳᠦᠭᠡᠷ ᠠᠵᠢᠯᠴᠢᠨ ᠤ ᠰᠣᠶᠣᠯ ᠤᠨ ᠣᠷᠳᠣᠨ ᠤ ᠠᠭᠤᠳᠠᠮ ᠲᠠᠯᠠᠪᠠᠶ ᠳᠤ ︽ᠭᠤᠷᠪᠠ ᠶᠢ ᠠᠪᠤᠷᠠᠵᠤ ᠭᠤᠷᠪᠠ ᠶᠢ ᠬᠠᠨᠳᠢᠪᠯᠡᠬᠤ︾ ᠮᠡᠳᠡᠯᠭᠡ ᠶᠢᠨ ᠤᠬᠠᠭᠤᠯᠭ᠎ᠠ ᠪᠠ ᠦᠨ᠎ᠡ ᠲᠥᠯᠥᠪᠦᠷᠢ ᠥᠬᠡᠶ ᠪᠠᠷ ᠴᠢᠰᠤ ᠬᠠᠨᠳᠢᠪᠯᠠᠬᠤ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠤᠷ᠎ᠠ ᠴᠢᠳᠠᠪᠤᠷᠢ ᠶᠢᠨ ᠦᠢᠯᠡᠳᠦᠯᠭᠡ ᠶᠢᠨ ᠲᠣᠭᠤᠷᠢᠭ᠂ ᠵᠢᠷᠦᠬᠡ ᠠᠭᠤᠰᠬᠢᠨ ᠤ ᠰᠡᠷᠭᠦᠭᠡᠯᠲᠡ ᠶᠢᠨ AED ᠦᠵᠡᠭᠦᠯᠦᠯᠭᠡ ᠶᠢᠨ ᠲᠣᠭᠤᠷᠢᠭ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠥᠬᠦᠭᠡᠷᠦᠮᠵᠢ ᠶᠢᠨ ᠦᠵᠡᠭᠦᠯᠦᠯᠭᠡ ᠶᠢᠨ ᠲᠣᠭᠤᠷᠢᠭ᠂ ᠬᠦᠴᠢᠯᠲᠥ᠋ᠷᠥᠭᠴᠢ ᠶᠢᠨ ᠯᠣᠩᠬᠤ ᠶᠢᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠤᠬᠠᠶ ᠶᠢᠨ ᠲᠠᠯᠠᠪᠤᠷ ᠤᠨ ᠦᠵᠡᠭᠦᠯᠦᠯᠭᠡ ᠶᠢᠨ ᠲᠣᠭᠤᠷᠢᠭ ᠵᠡᠷᠭᠡ ᠳᠥᠷᠪᠡᠨ ᠦᠵᠡᠭᠦᠯᠦᠯᠭᠡ ᠶᠢᠨ ᠪᠠᠶᠢᠷᠢ ᠲᠣᠬᠢᠷᠠᠭᠤᠯᠵᠤ᠂ ᠮᠡᠷᠭᠡᠵᠢᠯ ᠤᠨ ᠠᠵᠢᠯᠲᠠᠳ ᠲᠣᠰ ᠲᠣᠰ ᠲᠤᠬᠠᠶ ᠶᠢᠨ ᠲᠠᠯᠠᠪᠠᠶ ᠶᠢᠨ ᠣᠯᠠᠨ ᠲᠦᠮᠡᠨ᠂ ᠯᠸᠢ ᠹᠧᠩ ᠲᠡᠷᠭᠡᠨ ᠤ ᠠᠩᠭᠢ ᠶᠢᠨ ᠵᠢᠯᠣᠭᠤᠴᠢ᠂ ᠴᠢᠩᠱᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠴᠠᠭᠳᠠᠭᠠᠨ ᠤ ᠶᠠᠪᠤᠳᠠᠯ ᠤᠨ ᠠᠵᠢᠯᠲᠠᠨ᠂ ᠨᠡᠶᠢᠲᠡ ᠶᠢᠨ ᠮᠠᠰᠢᠨ ᠲᠡᠷᠭᠡᠨ ᠤ ᠵᠢᠯᠣᠭᠤᠴᠢ ᠳᠤ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠥᠬᠦᠭᠡᠷᠦᠮᠵᠢ ᠶᠢᠨ ᠬᠡᠷᠡᠭᠯᠡᠬᠦ ᠠᠷᠭ᠎ᠠ ᠪᠠ ᠠᠩᠬᠠᠷᠬᠤ ᠵᠦᠢᠯᠡᠰ ᠢ ᠲᠠᠶᠢᠯᠪᠤᠷᠢᠯᠠᠨ ᠳᠡᠯᠭᠡᠨ ᠦᠵᠡᠭᠦᠯᠦᠭᠰᠡᠨ ᠪᠥᠭᠡᠳ ᠲᠣᠭᠤᠷᠢᠨ ᠦᠵᠡᠭᠴᠢᠳ ᠲᠤ ᠲᠤᠬᠠᠶ ᠶᠢᠨ ᠲᠠᠯᠠᠪᠠᠶ ᠶᠢᠨ ᠪᠣᠳᠠᠲᠠᠶ ᠪᠣᠯᠪᠠᠰᠤᠷᠠᠯ ᠤᠨ ᠵᠢᠯᠣᠭᠤᠳᠣᠯᠭ᠎ᠠ ᠪᠠ ᠰᠣᠷᠢᠯᠲᠠ ᠬᠢᠵᠦ᠂ ᠬᠦᠯᠢᠶᠡᠨ ᠠᠪᠤᠭᠴᠢᠳ ᠲᠤ ᠬᠠᠮᠤᠭ ᠤᠨ ᠶᠡᠭᠡ ᠣᠯᠤᠯᠲᠠ ᠥᠭᠪᠡ᠃ ᠠᠭᠤᠳᠠᠮ ᠲᠠᠯᠠᠪᠠᠢ ᠳᠤ ᠤᠯᠠᠭᠠᠨ ᠵᠠᠭᠠᠯᠮᠠᠶᠢᠲᠠᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ 8 ᠦᠵᠡᠭᠦᠯᠭᠡ ᠶᠢᠨ ᠵᠢᠶᠠᠰᠠ ᠶᠢ ᠲᠠᠯᠪᠢᠵᠤ᠂ ᠠᠭᠤᠯᠭ᠎ᠠ ᠨᠢ ᠭᠤᠣᠯᠳᠠᠭᠤ ᠤᠯᠠᠭᠠᠨ ᠵᠠᠭᠠᠯᠮᠠᠶᠢᠲᠠᠨ ᠤ ᠡᠭᠦᠰᠦᠯ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ᠂ ᠵᠢᠷᠦᠬᠡ ᠠᠭᠤᠰᠬᠢᠨ ᠤ ᠰᠡᠷᠭᠦᠯᠲᠡ᠂ ᠬᠡᠢ ᠶᠢᠨ ᠵᠠᠮ ᠤᠨ ᠣᠨᠳᠣᠣ ᠪᠣᠳᠠᠰ ᠤᠨ ᠲᠦᠭᠵᠢᠷᠡᠯ ᠤᠨ ᠲᠦᠷᠭᠡᠨ ᠠᠪᠤᠷᠠᠯᠲᠠ᠂ ᠴᠢᠰᠤ ᠵᠣᠭᠰᠣᠭᠠᠬᠤ ᠪᠠ ᠪᠣᠭᠤᠬᠤ ᠮᠡᠷᠭᠡᠵᠢᠯ᠂ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠠᠬᠤ᠂ ᠴᠢᠰᠤ ᠪᠦᠲᠦᠭᠡᠬᠦ ᠭᠤᠣᠯ ᠡᠰ ᠬᠠᠨᠳᠢᠪᠯᠠᠬᠤ᠂ ᠴᠢᠨᠳᠠᠷ ᠢᠶᠠᠨ ᠬᠠᠨᠳᠢᠪᠯᠠᠬᠤ ᠵᠡᠷᠭᠡ ᠮᠡᠳᠡᠯᠭᠡ ᠶᠢᠨ ᠲᠣᠭᠤᠷᠢᠨ ᠳᠤ ᠤᠬᠠᠭᠤᠯᠤᠨ ᠲᠦᠭᠡᠮᠡᠯᠵᠢᠭᠦᠯᠪᠡ᠃ ᠡᠭᠦᠨ ᠤ ᠬᠠᠮᠲᠤ᠂ ︽ᠭᠤᠷᠪᠠ ᠶᠢ ᠠᠪᠤᠷᠠᠵᠤ ᠭᠤᠷᠪᠠ ᠶᠢ ᠬᠠᠨᠳᠢᠪᠯᠠᠬᠤ︾ ᠤᠬᠠᠭᠤᠯᠭ᠎ᠠ ᠶᠢᠨ ᠭᠠᠷ ᠳᠡᠪᠲᠡᠷ ᠪᠠ ᠤᠬᠠᠭᠤᠯᠭ᠎ᠠ ᠶᠢᠨ ᠬᠠᠭᠤᠳᠠᠰᠤ ᠶᠢ ᠵᠣᠬᠢᠶᠠᠵᠤ᠂ ᠲᠤᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠵᠢᠯᠲᠠᠳ ︽ᠭᠤᠷᠪᠠ ᠶᠢ ᠠᠪᠤᠷᠠᠵᠤ ᠭᠤᠷᠪᠠ ᠶᠢ ᠬᠠᠨᠳᠢᠪᠯᠠᠬᠤ︾ ᠮᠡᠳᠡᠯᠭᠡ ᠶᠢᠨ ᠲᠤᠬᠠᠶ ᠲᠣᠭᠤᠷᠢᠨ ᠦᠵᠡᠭᠰᠡᠳ ᠢ ᠨᠠᠷᠢᠨ ᠬᠢᠨᠠᠮᠠᠭᠠᠶ ᠬᠦᠯᠢᠴᠡᠩᠭᠦᠶ ᠪᠠᠷ ᠤᠬᠠᠭᠤᠯᠤᠨ ᠲᠠᠶᠢᠯᠪᠤᠷᠢᠯᠠᠬᠤ ᠶᠢᠨ ᠬᠠᠮᠲᠤ ᠦᠨ᠎ᠡ ᠲᠥᠯᠥᠪᠦᠷᠢ ᠥᠬᠡᠶ ᠪᠠᠷ ᠴᠢᠰᠤ ᠬᠠᠨᠳᠢᠪᠯᠠᠬᠤ᠂ ᠴᠢᠰᠤ ᠪᠦᠲᠦᠭᠡᠬᠦ ᠭᠤᠤᠯ ᠡᠰ ᠤᠨ ᠬᠠᠨᠳᠢᠪᠯᠠᠯ ᠵᠢᠴᠢ ᠴᠢᠨᠳᠠᠷ ᠢᠶᠠᠨ ᠬᠠᠨᠳᠢᠪᠯᠠᠬᠤ ᠵᠡᠷᠭᠡ ᠬᠤᠯᠪᠣᠭᠳᠠᠯ ᠪᠥᠬᠦᠶ ᠠᠰᠠᠭᠤᠳᠠᠯ ᠤᠨ ᠲᠤᠬᠠᠶ ᠮᠠᠳᠠᠭ ᠲᠠᠢ ᠠᠰᠠᠭᠤᠳᠠᠯ ᠢ ᠬᠠᠷᠢᠭᠤᠯᠵᠤ᠂ ᠲᠤᠬᠠᠶ ᠶᠢᠨ ᠲᠠᠯᠠᠪᠤᠷ ᠲᠤ 200 ᠭᠠᠷᠤᠶ ᠬᠤᠪᠢ ᠤᠬᠠᠭᠤᠯᠭ᠎ᠠ ᠶᠢᠨ ᠬᠠᠭᠤᠳᠠᠰᠤ ᠲᠠᠷᠬᠠᠭᠠᠪᠠ᠃      ᠪᠤᠭᠤᠲᠤ ᠬᠤᠲᠠ ᠶᠢᠨ ᠨᠢᠭᠡᠳᠦᠭᠡᠷ ᠠᠵᠢᠯᠴᠢᠨ ᠤ ᠰᠣᠶᠣᠯ ᠤᠨ ᠣᠷᠳᠣᠨ ᠤ ᠪᠠᠷᠠᠭᠤᠨ ᠲᠠᠯ᠎ᠠ ᠳᠤ ᠦᠨ᠎ᠡ ᠲᠥᠯᠥᠪᠦᠷᠢ ᠦᠭᠡᠢ ᠪᠠᠷ ᠴᠢᠰᠤ ᠡᠷᠭᠦᠬᠦ ᠠᠵᠢᠯᠯᠠᠭ᠎ᠠ ᠥᠷᠨᠢᠭᠦᠯᠵᠦ᠂ ᠪᠤᠭᠤᠲᠤ ᠬᠤᠲᠠ ᠶᠢᠨ ᠲᠥᠪ ᠤᠨ ᠴᠢᠰᠤᠨ ᠤ ᠥᠷᠲᠡᠭᠡ ᠨᠡᠭᠦᠳᠡᠯ ᠴᠢᠰᠤ ᠡᠷᠭᠦᠬᠦ ᠲᠡᠷᠭᠡ ᠲᠣᠮᠢᠯᠠᠵᠤ᠂ 60 ᠭᠠᠷᠤᠢ ᠬᠥᠮᠦᠨ ᠲᠥᠯᠥᠪᠦᠷᠢ ᠦᠭᠡᠢ ᠪᠠᠷ ᠴᠢᠰᠤ ᠬᠠᠨᠳᠢᠪᠯᠠᠬᠤ ᠳᠤ ᠣᠷᠣᠯᠴᠠᠵᠤ᠂ 24 ᠬᠥᠮᠦᠨ ᠠᠮᠵᠢᠯᠲᠠ ᠲᠠᠢ ᠪᠠᠷ ᠴᠢᠰᠤ ᠬᠠᠨᠳᠢᠪᠯᠠᠨ᠂ ᠴᠢᠰᠦᠨ ᠤ ᠬᠡᠮᠵᠢᠶ᠎ᠡ 9600ml ᠬᠦᠷᠴᠡᠢ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号