3 ᠰᠠᠷ᠎ᠠ ᠶᠢᠨ 4 ᠤ ᠡᠳᠦᠷ᠂ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ | ᠬᠤᠷᠠᠯ ᠬᠤᠷᠠᠯᠳᠤᠭᠤᠯᠵᠤ᠂ ︽ᠴᠢᠩᠱᠠᠨ ᠲᠣᠭᠤᠷᠢᠭ ᠤᠨ ᠲᠣᠰ ᠱᠠᠲᠤᠨ ᠤ ᠵᠠᠰᠠᠭ ᠤᠨ ᠶᠠᠪᠤᠳᠠᠯ ᠤᠨ ᠮᠡᠳᠡᠭᠡ | ᠵᠠᠩᠭᠢᠵᠢᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾᠂ 2025 ᠣᠨ ᠤ | ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠭᠠᠷᠴᠠᠭ ᠵᠡᠷᠭᠡ ᠬᠤᠯᠪᠣᠭᠳᠠᠯ | ᠪᠥᠬᠦᠶ ᠵᠦᠢᠯᠡᠰ ᠢ ᠰᠤᠳᠤᠯᠤᠨ ᠬᠢᠨᠠᠨ ᠵᠥᠪᠯᠡᠵᠦ᠂ ᠴᠢᠩᠱᠠᠨ ᠲᠣᠭᠤᠷᠢᠭ ᠤᠨ ᠬᠤᠲᠠ ᠬᠥᠳᠡᠭᠡ ᠶᠢᠨ ᠣᠷᠴᠢᠨ | ᠲᠣᠭᠤᠷᠢᠨ ᠤ ᠠᠷᠢᠭᠤᠨ ᠴᠡᠪᠡᠷ ᠤᠨ ᠠᠵᠢᠯᠯᠠᠭᠠᠨ᠂ ᠨᠣᠭᠤᠭᠠᠷᠠᠭᠤᠯᠤᠯᠲᠠ ᠶᠢᠨ ᠠᠷᠠᠴᠢᠯᠠᠨ ᠬᠠᠮᠠᠭᠠᠯᠠᠬᠤ᠂ ᠬᠤᠲᠠ ᠶᠢᠨ | ᠶᠠᠪᠤᠳᠠᠯ ᠤᠨ ᠬᠠᠮᠠᠭᠠᠯᠠᠯᠲᠠ ᠶᠢᠨ ᠵᠠᠬ᠎ᠠ ᠳᠡᠯᠭᠡᠭᠦᠷᠴᠢᠯᠡᠭᠰᠡᠨ ᠠᠵᠢᠯᠯᠠᠭᠠᠨ ᠤ ᠪᠠᠶᠢᠳᠠᠯ ᠵᠡᠷᠭᠡ ᠠᠵᠢᠯ ᠤᠨ ᠬᠠᠷᠢᠭᠤ | ᠮᠡᠳᠡᠭᠦᠯᠦᠯᠲᠡ ᠶᠢ ᠰᠣᠨᠣᠰᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠳᠠᠷᠤᠭ᠎ᠠ ᠪᠠᠶ ᠶᠦᠨ ᠰᠢ ᠬᠤᠷᠠᠯ ᠢ ᠡᠷᠭᠢᠯᠡᠪᠡ᠃ | ᠬᠤᠷᠠᠯ ᠠᠴᠠ᠂ ︽ᠴᠢᠩᠱᠠᠨ ᠲᠣᠭᠤᠷᠢᠭ ᠤᠨ ᠲᠣᠰ ᠱᠠᠲᠤᠨ ᠤ ᠵᠠᠰᠠᠭ ᠤᠨ ᠶᠠᠪᠤᠳᠠᠯ ᠤᠨ ᠮᠡᠳᠡᠭᠡ | ᠵᠠᠩᠭᠢᠵᠢᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠲᠣᠭᠲᠠᠭᠠᠨ | ᠬᠡᠷᠡᠭᠵᠢᠭᠦᠯᠬᠦ ᠪᠣᠯ ᠪᠥᠬᠦ ᠲᠤᠭᠤᠷᠢᠭ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠤᠨ ᠬᠠᠷᠢᠯᠴᠠᠨ | ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠣᠯᠠᠨ ᠨᠡᠶᠢᠲᠡ ᠶᠢᠨ | ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠭᠦᠢᠴᠡᠳ ᠨᠡᠭᠡᠭᠡᠨ ᠠᠰᠢᠭᠯᠠᠬᠤ᠂ ᠡᠳ᠋ ᠤᠨ ᠵᠠᠰᠠᠭ ᠤᠨ ᠪᠠᠯᠠ ᠮᠥᠩᠭᠦ ᠶᠢᠨ | ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠳ ᠲᠣᠰ ᠰᠠᠯᠠᠭ᠎ᠠ ᠮᠥᠴᠢᠷ ᠵᠢᠴᠢ ᠬᠠᠷᠢᠶ᠎ᠠ ᠨᠢᠭᠡᠴᠢ ᠶᠢᠨ ᠢᠶᠠᠨ | ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠲᠥᠷᠥᠯ ᠵᠦᠢᠯ ᠢ ᠨᠢᠭᠡᠳᠦᠯᠲᠡᠶ ᠲᠥᠯᠥᠪᠯᠡᠨ ᠬᠠᠮᠢᠶᠠᠷᠬᠤ ᠪᠠᠨ | ᠴᠢᠩᠭᠠᠳᠬᠠᠵᠤ᠂ ᠲᠣᠰ ᠰᠠᠯᠠᠭ᠎ᠠ ᠮᠥᠴᠢᠷ ᠤᠨ ᠢᠶᠠᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠤᠨ | ᠪᠠᠶᠢᠭᠤᠯᠤᠯᠲᠠ᠂ ᠬᠡᠷᠡᠭᠯᠡᠭᠰᠡᠨ ᠪᠠᠶᠢᠳᠠᠯ ᠢ ᠪᠥᠬᠦ ᠲᠠᠯ᠎ᠠ ᠪᠠᠷ ᠬᠢᠨᠠᠨ ᠪᠠᠶᠢᠴᠠᠭᠠᠭᠰᠠᠨ ᠰᠠᠭᠤᠷᠢᠨ ᠳᠡᠭᠡᠷ᠎ᠡ᠂ ᠴᠢᠩᠭ᠎ᠠ | ᠬᠢᠨᠠᠨ ᠬᠠᠷᠭᠤᠭᠤᠯᠤᠭᠰᠠᠨ ᠤ ᠳᠠᠷᠠᠭ᠎ᠠ ᠲᠤᠭᠤᠷᠢᠭ ᠤᠨ ᠲᠣᠰ ᠱᠠᠲᠤᠨ ᠤ ᠵᠠᠰᠠᠭ ᠤᠨ ᠶᠠᠪᠤᠳᠠᠯ ᠤᠨ ᠮᠡᠳᠡᠭᠡ | ᠵᠠᠩᠭᠢᠵᠢᠯᠲᠠ ᠶᠢᠨ ᠲᠥᠷᠥᠯ ᠵᠦᠢᠯ ᠤᠨ ᠬᠥᠮᠥᠷᠭᠡ ᠳᠤ ᠣᠷᠣᠭᠤᠯᠬᠤ ᠶᠢ ᠨᠢᠭᠡᠳᠦᠯᠲᠡᠶ ᠭᠤᠶᠤᠴᠢᠯᠠᠬᠤ ᠬᠡᠷᠡᠭᠲᠡᠶ᠃ | ︽ᠡᠷᠴᠢᠮᠵᠢᠭᠦᠯᠦᠨ ᠠᠷᠪᠢᠯᠠᠬᠤ᠂ ᠬᠠᠮᠲᠤ ᠪᠠᠷ ᠬᠡᠷᠡᠭᠯᠡᠵᠦ ᠬᠠᠮᠲᠤ ᠪᠠᠷ ᠡᠳ᠋ᠯᠡᠬᠦ︾ ᠵᠠᠷᠴᠢᠮ ᠶᠣᠰᠣᠭᠠᠷ᠂ ᠪᠥᠬᠦ | ᠲᠤᠭᠤᠷᠢᠭ ᠤᠨ ᠣᠯᠠᠨ ᠨᠡᠶᠢᠲᠡ ᠶᠢᠨ ᠳ᠋ᠠᠶᠢᠲ᠋ᠠ ᠶᠢᠨ ᠰᠠᠭᠤᠷᠢ ᠲᠥᠬᠦᠭᠡᠷᠦᠮᠵᠢ ᠶᠢᠨ ᠰᠢᠰᠲ᠋ᠧᠮ᠂ ᠳ᠋ᠠᠶᠢᠲ᠋ᠠ ᠶᠢᠨ ᠡᠬᠢ | ᠪᠠᠶᠠᠯᠢᠭ ᠤᠨ ᠰᠢᠰᠲ᠋ᠧᠮ ᠪᠠ ᠲᠠᠪᠴᠠᠩ ᠤᠨ ᠲᠤᠯᠭᠠᠭᠤᠷᠢᠯᠠᠬᠤ ᠰᠢᠰᠲ᠋ᠧᠮ ᠤᠨ ᠪᠠᠶᠢᠭᠤᠯᠤᠯᠲᠠ ᠶᠢ ᠨᠢᠭᠡᠳᠦᠯᠲᠡᠶ | ᠲᠥᠯᠥᠪᠵᠢᠭᠦᠯᠦᠨ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃ | ᠬᠤᠷᠠᠯ ᠠᠴᠠ᠂ 2025 ᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ | ᠲᠣᠭᠲᠠᠭᠠᠬᠤ ᠵᠦᠢᠯᠡᠰ ᠤᠨ ᠭᠠᠷᠴᠠᠭ ᠢ ᠲᠣᠭᠲᠠᠭᠠᠬᠤ ᠪᠣᠯ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠦᠬᠦ | ᠲᠠᠯ᠎ᠠ ᠪᠠᠷ ᠠᠬᠢᠭᠤᠯᠬᠤ᠂ ᠬᠠᠤᠯᠢᠵᠢᠯ ᠤᠨ ᠵᠠᠰᠠᠭ ᠤᠨ ᠣᠷᠳᠣᠨ ᠢ ᠲᠦᠷᠭᠡᠳᠬᠡᠨ ᠪᠠᠶᠢᠭᠤᠯᠬᠤ ᠴᠢᠬᠤᠯᠠ ᠠᠷᠭ᠎ᠠ | ᠬᠡᠮᠵᠢᠶ᠎ᠡ ᠪᠠᠶᠢᠵᠤ᠂ ᠤᠯᠠᠨ ᠨᠡᠶᠢᠲᠡ ᠶᠢᠨ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ ᠶᠢ ᠪᠠᠲᠤᠯᠠᠬᠤ ᠳᠤ ᠴᠢᠬᠤᠯᠠ | ᠠᠴᠢ ᠬᠤᠯᠪᠣᠭᠳᠠᠯ ᠲᠠᠢ ᠭᠡᠵᠦ ᠴᠢᠬᠤᠯᠠᠴᠢᠯᠠᠪᠠ᠃ ᠬᠤᠷᠠᠯ ᠠᠴᠠ᠂ ᠬᠥᠳᠡᠯᠦᠩᠭᠦᠶ ᠬᠠᠮᠢᠶᠠᠷᠤᠯᠲᠠ ᠶᠢᠨ ᠵᠠᠷᠴᠢᠮ ᠢ | ᠪᠠᠷᠢᠮᠲᠠᠯᠠᠵᠤ᠂ ᠭᠠᠷᠴᠠᠭ ᠤᠨ ᠵᠦᠢᠯᠡᠰ ᠢ ᠴᠠᠭ ᠲᠤᠬᠠᠶ ᠳᠤᠨᠢ ᠳᠣᠭᠢᠷᠠᠭᠤᠯᠤᠨ ᠨᠥᠬᠦᠪᠥᠷᠢᠯᠡᠵᠦ᠂ ᠭᠠᠷᠴᠠᠭ ᠤᠨ | ᠰᠢᠨᠵᠢᠯᠡᠬᠦ ᠤᠬᠠᠭᠠᠨᠴᠢ ᠴᠢᠨᠠᠷ᠂ ᠪᠠᠷᠠᠭᠠᠯᠬᠢᠯᠠᠯᠳᠤ ᠴᠢᠨᠠᠷ ᠪᠠ ᠪᠦᠲᠦᠮᠵᠢᠲᠦ ᠴᠢᠨᠠᠷ ᠢ ᠳᠡᠭᠡᠭᠰᠢᠯᠡᠭᠦᠯᠦᠨ᠂ ᠪᠥᠬᠦ | ᠲᠤᠭᠤᠷᠢᠭ ᠤᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠢ | ᠤᠯᠠᠮ ᠨᠢᠭᠡ ᠠᠯᠬᠤᠮ ᠵᠢᠷᠤᠮᠵᠢᠭᠤᠯᠬᠤ ᠬᠡᠷᠡᠭᠲᠡᠶ ᠭᠡᠵᠦ ᠱᠠᠭᠠᠷᠳᠠᠪᠠ᠃ | ᠬᠤᠷᠠᠯ ᠠᠴᠠ᠂ ᠬᠤᠲᠠ ᠬᠥᠳᠡᠭᠡ ᠶᠢᠨ ᠣᠷᠴᠢᠨ ᠲᠣᠭᠤᠷᠢᠨ ᠤ ᠠᠷᠢᠭᠤᠨ ᠴᠡᠪᠡᠷ᠂ ᠨᠣᠭᠤᠭᠠᠷᠠᠭᠤᠯᠤᠯᠲᠠ᠂ | ᠬᠤᠲᠠ ᠶᠢᠨ ᠶᠠᠪᠤᠳᠠᠯ ᠤᠨ ᠨᠢᠭᠡ ᠴᠣᠭᠴᠠᠵᠢᠭᠤᠯᠤᠭᠰᠠᠨ ᠵᠠᠬ᠎ᠠ ᠳᠡᠯᠭᠡᠭᠦᠷ ᠤᠨ ᠠᠵᠢᠯᠯᠠᠭᠠᠨ ᠤ ᠵᠠᠭᠪᠤᠷ ᠢ | ᠬᠡᠷᠡᠭᠵᠢᠭᠦᠯᠬᠦ ᠪᠣᠯ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ᠂ ᠬᠠᠮᠢᠶᠠᠷᠤᠯᠲᠠ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ ᠭᠡᠵᠦ ᠴᠢᠬᠤᠯᠠᠴᠢᠯᠠᠪᠠ᠃ ᠬᠤᠷᠠᠯ ᠠᠴᠠ᠂ ︽ᠪᠠᠷᠢᠮᠵᠢᠶ᠎ᠠ ᠶᠢ | ᠨᠢᠭᠡᠳᠬᠡᠬᠦ᠂ ᠬᠢᠨᠠᠯᠲᠠ ᠲᠠᠯᠪᠢᠬᠤ ᠶᠢ ᠴᠢᠩᠭᠠᠳᠬᠠᠬᠤ᠂ ᠬᠡᠮᠵᠢᠶᠡᠵᠢᠭᠦᠯᠦᠨ ᠬᠢᠨᠠᠨ ᠰᠢᠯᠭᠠᠬᠤ᠂ ᠶᠠᠰᠤ ᠴᠢᠨᠠᠷ ᠢᠶᠠᠷ | ᠰᠦᠢᠳᠬᠡᠯ ᠲᠤᠰᠢᠶᠠᠬᠤ︾ ᠵᠠᠷᠴᠢᠮ ᠶᠣᠰᠣᠭᠠᠷ᠂ ︽ᠨᠠᠷᠢᠯᠢᠭ︾ ᠲᠠᠯ᠎ᠠ ᠠᠴᠠ ᠭᠠᠷᠳᠠᠵᠤ᠂ ︽ᠪᠣᠳᠠᠲᠠᠶᠢᠵᠢᠭᠤᠯᠬᠤ︾ ᠲᠡᠰᠢ | ᠬᠦᠴᠦᠯᠡᠬᠦ ᠶᠢ ᠪᠠᠷᠢᠮᠲᠠᠯᠠᠵᠤ᠂ ᠬᠥᠳᠡᠭᠡ ᠲᠣᠰᠬᠤᠨ᠂ ᠵᠡᠭᠡᠯᠢ ᠭᠤᠳᠤᠮᠵᠢ ᠵᠡᠷᠭᠡ ᠣᠷᠣᠨ ᠪᠦᠰᠡ ᠶᠢᠨ ᠣᠷᠴᠢᠨ | ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠶᠢ ᠪᠦᠬᠦ ᠲᠠᠯ᠎ᠠ ᠪᠠᠷ ᠠᠬᠢᠭᠤᠯᠵᠤ᠂ ᠪᠣᠳᠠᠲᠤ | ᠠᠵᠢᠯᠯᠠᠭ᠎ᠠ ᠪᠠᠷ ᠢᠶᠠᠨ ᠭᠠᠵᠠᠷ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠳᠠᠬᠢᠨ ᠰᠢᠨ᠎ᠡ | ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | | | | | |