ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ︽ᠠᠵᠤ ᠠᠬᠤᠶᠢᠯᠠᠯ ᠤᠨ ᠪᠠᠶᠢᠳᠠᠯ ᠳᠤ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠬᠦ︾ ᠠᠵᠢᠯᠯᠠᠭ᠎ᠠ ᠥᠷᠨᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2025/3/6
      ᠠᠵᠤ ᠠᠬᠤᠶᠢᠯᠠᠯ ᠳᠤ ᠨᠠᠩ ᠰᠠᠶᠢᠨ ᠪᠥᠬᠦ ᠲᠠᠯ᠎ᠠ ᠶᠢᠨ᠂ ᠳᠣᠲᠣᠨᠣ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ ᠬᠠᠩᠭᠠᠬᠤ ᠶᠢᠨ ᠲᠥᠯᠥᠭᠡ᠂ ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ︽ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ︾᠎ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠨᠠᠩ ᠪᠠᠲᠤ ᠪᠠᠬᠢ ᠬᠥᠮᠦᠨ ᠤ ᠬᠦᠴᠦᠨ ᠤ ᠡᠬᠢ ᠪᠠᠶᠠᠯᠢᠭ ᠤᠨ ᠡᠯᠧᠮᠧᠨ᠋ᠲ ᠤᠨ ᠪᠠᠲᠤᠯᠠᠭ᠎ᠠ ᠪᠠᠷ ᠦᠨᠡᠨ ᠬᠦ ᠠᠳᠬᠤᠨ ᠪᠣᠳᠠᠲᠠᠶ ᠠᠵᠢᠯᠯᠠᠵᠤ ᠠᠵᠤ ᠠᠬᠤᠶᠢᠯᠠᠯ ᠤᠨ ︽ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ︾᠎ ᠳᠤ ᠬᠦᠴᠦᠨ ᠨᠡᠮᠡᠷᠢᠯᠡᠵᠦ᠂ ᠲᠡᠷᠢᠭᠦᠨ ᠤ ᠦᠢᠯᠡᠴᠢᠯᠡᠭᠡᠨ ᠤ ᠠᠵᠤ ᠠᠬᠤᠶ ᠶᠢᠨ ︽ᠰᠠᠶᠢᠨ ᠡᠬᠢᠯᠡᠯᠲᠡ︾᠎ ᠶᠢ ᠪᠡᠶᠡᠯᠡᠭᠦᠯᠬᠦ ᠪᠠᠷ ᠬᠦᠴᠦᠯᠡᠨ ᠴᠢᠷᠮᠠᠶᠢᠪᠠ᠃      ᠤᠷᠢᠬᠠᠨ ᠰᠠᠯᠬᠢᠨ ᠤ ᠠᠵᠢᠯᠯᠠᠭ᠎ᠠ ᠥᠷᠨᠢᠭᠦᠯᠵᠦ ᠠᠵᠢᠯᠲᠠᠨ ᠡᠯᠰᠡᠪᠡ᠃ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢᠨ ᠲᠣᠭᠤᠷᠢᠨ ᠳᠤ᠂ ᠴᠠᠭᠠᠨ ᠰᠠᠷ᠎ᠠ ᠠᠴᠠ ᠰᠡᠭᠦᠯᠡᠷᠬᠢ ᠬᠥᠳᠡᠯᠮᠦᠷᠢᠴᠢᠳ ᠤᠨ ᠠᠵᠢᠯ ᠤᠨ ᠪᠠᠶᠢᠷᠢ ᠳᠠᠭᠠᠨ ᠪᠤᠴᠠᠭᠰᠠᠨ ᠪᠠ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠬᠠᠯᠠᠭᠤᠨ ᠴᠠᠭ ᠬᠤᠭᠤᠴᠠᠭ᠎ᠠ ᠶᠢ ᠠᠮᠵᠢᠨ ᠠᠳᠬᠤᠵᠤ᠂ ᠪᠢᠯᠢᠭ ᠤᠨ ᠤᠯᠠᠷᠢᠯ ᠤᠨ ᠴᠠᠭᠠᠨ ᠰᠠᠷ᠎ᠠ ᠶᠢᠨ ᠰᠢᠨ᠎ᠡ ᠶᠢᠨ ᠨᠠᠢᠮᠠᠨ ᠠᠴᠠ ᠡᠬᠢᠯᠡᠨ᠂ ᠴᠢᠩᠱᠠᠨ ᠲᠣᠭᠤᠷᠢᠭ ᠨᠢᠭᠡᠨᠲᠡ ︽ᠤᠷᠢᠬᠠᠨ ᠰᠠᠯᠬᠢᠨ ᠤ ᠠᠵᠢᠯᠯᠠᠭ᠎ᠠ - ᠮᠢᠩᠭᠠᠨ ᠠᠵᠢᠯ ᠤᠨ ᠪᠠᠶᠢᠷᠢ ᠳᠤ ᠬᠠᠪᠤᠷ ᠢ ᠤᠭᠲᠤᠬᠤ︾᠂ ︽ᠬᠤᠣᠰ ᠴᠢᠭᠯᠡᠯ ᠢᠶᠠᠷ ᠴᠢᠩᠱᠠᠨ ᠳᠤ ᠬᠦᠷᠬᠦ︾ ᠵᠡᠷᠭᠡ ᠲᠤᠮᠤ ᠬᠡᠯᠪᠡᠷᠢ ᠶᠢᠨ ᠠᠵᠢᠯᠴᠢᠨ ᠡᠯᠰᠡᠬᠦ ᠴᠤᠭᠯᠠᠭᠠᠨ ᠢ 2 ᠤᠳᠠᠭ᠎ᠠ ᠡᠷᠬᠢᠯᠡᠵᠦ᠂ 96 ᠠᠵᠤ ᠠᠬᠤᠶᠢᠯᠠᠯ ᠳᠤ ᠨᠡᠶᠢᠳᠡ 2662 ᠠᠵᠢᠯ ᠤᠨ ᠪᠠᠶᠢᠷᠢ ᠨᠡᠶᠢᠲᠡᠯᠡᠵᠦ᠂ ᠭᠡᠷᠡᠯ ᠴᠡᠨᠡᠭ᠂ ᠬᠤᠪᠣᠷ ᠰᠢᠷᠣᠢ᠂ ᠰᠣᠷᠢᠨᠵᠢᠨ ᠮᠠᠲ᠋ᠧᠷᠢᠶᠠᠯ᠂ ᠬᠦᠩᠭᠡᠨ ᠴᠠᠭᠠᠨ ᠤ ᠦᠢᠯᠡᠰ᠂ ᠰᠤᠷᠭᠠᠨ ᠬᠥᠮᠦᠵᠢᠯ᠂ ᠪᠠᠩᠬᠢ ᠵᠡᠷᠭᠡ ᠤᠯᠠᠨ ᠬᠦᠷᠢᠶ᠎ᠡ ᠶᠢ ᠬᠠᠮᠤᠷᠴᠤ᠂ 12600 ᠠᠵᠢᠯ ᠡᠷᠢᠭᠴᠢ ᠪᠠᠶᠢᠵᠤ᠂ ᠠᠵᠤ ᠠᠬᠤᠶᠢᠯᠠᠯ ᠲᠠᠢ ᠠᠩᠬ᠎ᠠ ᠠᠯᠬᠤᠮ ᠰᠠᠨᠠᠮᠵᠢ ᠶᠢᠨ ᠬᠥᠮᠦᠨ ᠤ ᠲᠤᠭ᠎ᠠ 1306 ᠬᠥᠮᠦᠨ ᠳᠤ ᠬᠦᠷᠴᠡᠢ᠃ ᠴᠢᠩᠱᠠᠨ ᠲᠣᠭᠤᠷᠢᠭ ᠬᠠᠪᠤᠷ ᠤᠨ ᠰᠠᠯᠬᠢᠨ ᠤ ᠠᠵᠢᠯᠯᠠᠭ᠎ᠠ ᠶᠢᠨ ᠰᠢᠷᠢᠰ ᠠᠵᠢᠯᠲᠠᠨ ᠡᠯᠰᠡᠬᠦ ᠠᠵᠢᠯᠯᠠᠭ᠎ᠠ ᠶᠢ ᠦᠷᠭᠦᠯᠵᠢᠯᠡᠨ 3 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ ᠥᠷᠨᠢᠭᠦᠯᠵᠦ᠂ ᠠᠵᠤ ᠠᠬᠤᠶᠢᠯᠠᠯ ᠪᠠ‌ᠠᠵᠢᠯ ᠡᠷᠢᠭᠰᠡᠳ ᠲᠤ ᠪᠦᠬᠦ ᠲᠠᠯ᠎ᠠ ᠶᠢᠨ᠂ ᠲᠠᠰᠤᠷᠠᠯᠲᠠ ᠦᠭᠡᠢ ᠠᠵᠢᠯ ᠣᠯᠭᠤᠯᠲᠠ ᠶᠢᠨ ᠳᠡᠮᠵᠢᠯᠭᠡ ᠬᠠᠩᠭᠠᠵᠤ᠂ ᠠᠵᠤ ᠠᠬᠤᠢ ᠶᠢᠨ ᠬᠥᠭᠵᠢᠯᠲᠡ ᠪᠣᠯᠤᠨ ᠨᠡᠶᠢᠭᠡᠮ ᠤᠨ ᠲᠣᠭᠲᠠᠭᠤᠨ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠨ᠎ᠡ᠃      ᠠᠵᠢᠯᠲᠠᠨ ᠢ ᠠᠵᠤ ᠠᠬᠤᠶᠢᠯᠠᠯ ᠳᠤ ᠬᠦᠷᠭᠡᠬᠦ‍ ᠨᠢᠭᠡ ᠬᠡᠯᠬᠢᠶ᠎ᠡ ᠦᠢᠯᠡᠴᠢᠯᠡᠭᠡ ᠬᠠᠩᠭᠠᠪᠠ᠃ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠲᠠᠯ᠎ᠠ ᠪᠠᠷ ᠳᠤᠲᠠᠭᠳᠠᠬᠤ ᠪᠠ ᠬᠥᠳᠡᠯᠮᠦᠷᠢ ᠬᠦᠴᠦᠨ ᠳᠤ ᠠᠵᠢᠯ ᠣᠯᠭᠤᠬᠤ ᠬᠡᠷᠡᠭᠴᠡᠭᠡ ᠶᠢᠨ ᠬᠤᠤᠰ ᠴᠢᠭᠯᠡᠯ ᠤᠨ ᠵᠥᠷᠢᠴᠡᠯ ᠢ ᠤᠯᠠᠮ ᠨᠢᠭᠡ ᠠᠯᠬᠤᠮ ᠰᠢᠢᠳᠪᠦᠷᠢᠯᠡᠬᠦ ᠶᠢᠨ ᠲᠥᠯᠥᠭᠡ᠂ ᠬᠤᠲᠠ ᠲᠣᠭᠤᠷᠢᠭ ᠬᠤᠶᠠᠷ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠣᠯᠭᠤᠯᠲᠠ ᠶᠢᠨ ᠰᠠᠯᠠᠭ᠎ᠠ ᠮᠥᠴᠢᠷ ︽ᠠᠵᠢᠯᠲᠠᠨ ᠢ ᠠᠵᠤ ᠠᠬᠤᠶᠢᠯᠠᠯ ᠳᠤ ᠣᠷᠣᠭᠤᠯᠬᠤ︾ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠡᠮᠦᠨᠡᠬᠢ ᠬᠤᠭᠤᠴᠠᠭᠠᠨ ᠳᠤ ︽ᠠᠵᠤ ᠠᠬᠤᠶᠢᠯᠠᠯ ᠢ ᠰᠤᠷᠪᠤᠯᠵᠢᠯᠠᠵᠤ ᠠᠵᠢᠯ ᠤᠨ ᠪᠠᠶᠢᠷᠢ ᠶᠢ ᠬᠠᠶᠢᠨ ᠰᠦᠪᠡᠭᠴᠢᠯᠡᠬᠦ︾᠎ ᠪᠠᠷ ᠳᠠᠮᠵᠢᠭᠤᠯᠤᠨ᠂ 78 ᠠᠵᠢᠯ ᠡᠷᠢᠭᠴᠢ ᠶᠢ ᠵᠣᠬᠢᠶᠠᠨ ᠪᠠᠶᠢᠭᠤᠯᠤᠨ ᠬᠠᠩ ᠰᠢᠶᠤᠤ ᠪᠤᠯᠤᠳ ᠪᠦᠲᠦᠴᠡ ︵ᠥᠪᠥᠷ ᠮᠣᠩᠭᠤᠯ︶᠎ ᠶᠢᠨ ᠬᠢᠵᠠᠭᠠᠷᠲᠤ ᠺᠣᠮᠫᠠᠨᠢ ᠳᠤ ᠬᠦᠷᠴᠦ᠂ ᠦᠢᠯᠡᠳᠪᠦᠷᠢᠯᠡᠯ ᠤᠨ ᠲᠠᠰᠤᠭ ᠲᠤ ᠭᠦᠨᠵᠡᠭᠡᠶᠢᠷᠡᠨ᠂ ᠦᠢᠯᠡᠳᠪᠦᠷᠢᠯᠡᠯ ᠤᠨ ᠶᠠᠪᠤᠴᠠ ᠶᠢ ᠣᠶᠢᠯᠠᠭᠠᠵᠤ᠂ ᠠᠵᠢᠯ ᠤᠨ ᠣᠷᠴᠢᠨ ᠲᠣᠭᠤᠷᠢᠨ ᠪᠠ ᠠᠵᠢᠯ ᠤᠨ ᠠᠭᠤᠯᠭ᠎ᠠ ᠶᠢ ᠰᠢᠭᠤᠳ ᠣᠶᠢᠯᠠᠭᠠᠭᠤᠯᠪᠠ᠃ ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠠᠰᠠᠭ ᠤᠨ ᠣᠷᠳᠣᠨ ᠤ ᠦᠢᠯᠡᠴᠢᠯᠡᠭᠡᠨ ᠤ ᠵᠠᠬ᠎ᠠ ᠳᠡᠯᠭᠡᠭᠦᠷ᠂ ᠠᠷᠠᠳ ᠤᠨ ᠠᠮᠢᠳᠤᠷᠠᠯ ᠢ ᠪᠠᠲᠤᠯᠠᠬᠤ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠦᠷᠭᠦᠯᠵᠢᠯᠡᠨ ᠬᠡᠷᠡᠭᠵᠢᠭᠦᠯᠵᠦ᠂ ︽ᠠᠵᠢᠯᠴᠢᠨ ᠢ ᠠᠵᠤ ᠠᠬᠤᠶᠢᠯᠠᠯ ᠳᠤ ᠬᠦᠷᠭᠡᠬᠦ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠦᠴᠢᠷᠳᠡᠯ ᠢ ᠰᠢᠢᠳᠪᠦᠷᠢᠯᠡᠬᠦ ᠪᠠᠷ ᠪᠠᠷᠠᠬᠤ ᠦᠭᠡᠢ ᠪᠠᠰᠠ ᠠᠵᠢᠯ ᠡᠷᠢᠭᠰᠡᠳ ᠲᠤ ᠴᠢᠨᠠᠷ ᠰᠠᠶᠢᠲᠠᠢ ᠲᠠᠪᠴᠠᠩ ᠪᠠᠶᠢᠭᠤᠯᠤᠨ᠎ᠠ᠃      ︽ᠨᠢᠭᠡ ᠥᠷᠲᠡᠭᠡ ᠮᠠᠶ᠋ᠢᠭ︾᠎ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠢ ᠳᠡᠰ ᠳᠡᠪᠰᠢᠭᠦᠯᠦᠨ᠎ᠡ᠃ ᠴᠢᠩᠱᠠᠨ ᠤ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠳᠤ ᠲᠦᠰᠢᠭᠯᠡᠨ᠂ ᠬᠥᠮᠦᠨ ᠤ ᠬᠦᠴᠦᠨ ᠤ ᠡᠬᠢ ᠪᠠᠶᠠᠯᠢᠭ ᠤᠨ ᠣᠯᠠᠨ ᠲᠠᠰ ᠳᠠᠪᠬᠤᠷᠭ᠎ᠠ ᠶᠢᠨ ᠬᠠᠩᠭᠠᠯᠭ᠎ᠠ᠂ ᠥᠷᠭᠡᠨ ᠠᠷᠭ᠎ᠠ ᠵᠠᠮ ᠢ ᠠᠭᠤᠰᠤᠯᠴᠠᠭᠤᠯᠬᠤ᠂ ᠣᠯᠠᠨ ᠴᠢᠳᠠᠮᠵᠢ ᠶᠢ ᠤᠶᠠᠯᠳᠤᠭᠤᠯᠬᠤ ᠶᠢ ᠬᠦᠴᠦᠯᠡᠨ ᠳᠡᠭᠡᠭᠰᠢᠯᠡᠭᠦᠯᠵᠦ᠂ ᠬᠥᠮᠦᠨ ᠤ ᠬᠦᠴᠦᠨ ᠤ ᠡᠬᠢ ᠪᠠᠶᠠᠯᠢᠭ ᠤᠨ ᠪᠠᠶᠢᠳᠠᠯ ᠢ ᠬᠤᠷᠠᠮᠳᠤᠭᠤᠯᠤᠨ᠂ ᠠᠵᠤ ᠦᠢᠯᠡᠰ ᠢ ᠬᠥᠭᠵᠢᠭᠦᠯᠵᠦ᠂ ᠬᠤᠤᠰ ᠴᠢᠭᠯᠡᠯ ᠢᠶᠠᠷ ᠤᠷᠤᠭᠰᠢᠯᠠᠬᠤ ᠳᠤ ᠬᠦᠴᠦᠨ ᠨᠡᠮᠡᠷᠢᠯᠡᠪᠡ᠃ ᠡᠨᠡ ᠵᠢᠯ ᠠᠴᠠ ᠨᠠᠭᠠᠰᠢ᠂ ᠠᠵᠤ ᠦᠢᠯᠡᠰ ᠤᠨ ᠬᠦᠷᠢᠶᠡᠯᠡᠩ ᠤᠨ ᠡᠵᠡᠩᠨᠡᠯᠲᠡ ᠶᠢᠨ ᠣᠷᠣᠯᠭ᠎ᠠ ᠨᠡᠶᠢᠲᠡ 4346.09 ᠲᠦᠮᠡᠨ ᠲᠥᠭᠦᠷᠢᠭ ᠲᠤ ᠬᠦᠷᠴᠦ᠂ 115.58 ᠲᠦᠮᠡᠨ ᠲᠥᠭᠦᠷᠢᠭ ᠤᠨ ᠭᠠᠶᠢᠯᠢ ᠲᠤᠰᠢᠶᠠᠨ᠂ 550 ᠠᠵᠢᠯ ᠡᠷᠢᠭᠰᠡᠳ ᠢ ᠳᠠᠩᠰᠠᠯᠠᠵᠤ᠂ 60 ᠬᠥᠮᠦᠨ ᠤ ᠠᠵᠢᠯ ᠳᠤ ᠣᠷᠣᠬᠤ ᠶᠢ ᠠᠮᠵᠢᠯᠲᠠ ᠲᠠᠢ ᠲᠣᠬᠢᠷᠠᠭᠤᠯᠪᠠ᠃ ᠠᠵᠤ ᠦᠢᠯᠡᠰ ᠤᠨ ᠬᠦᠷᠢᠶᠡᠯᠡᠩ ᠨᠢ ᠦᠷᠭᠦᠯᠵᠢᠯᠡᠨ ᠪᠥᠬᠦ ᠬᠤᠲᠠ ᠶᠢᠨ ︽3+ 5+ N︾ ᠭᠤᠤᠯᠳᠠᠯᠭ᠎ᠠ ᠲᠠᠢ ᠠᠵᠤ ᠦᠢᠯᠡᠰ ᠤᠨ ᠪᠠᠶᠢᠷᠢᠰᠢᠭᠤᠯᠤᠯᠲᠠ ᠳᠤ ᠦᠢᠯᠡᠴᠢᠯᠡᠬᠦ ᠲᠣᠭᠤᠷᠢᠨ ᠳᠤ᠂ ᠠᠵᠤ ᠦᠢᠯᠡᠰ ᠤᠨ ᠲᠥᠪᠯᠡᠷᠡᠯ ᠤᠨ ᠦᠢᠯᠡᠳᠦᠯ ᠢ ᠪᠠᠳᠠᠷᠠᠭᠤᠯᠵᠤ᠂ ᠡᠯ᠎ᠡ ᠲᠥᠷᠥᠯ ᠤᠨ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ᠂ ᠠᠵᠢᠯᠲᠠᠨ ᠡᠯᠰᠡᠬᠦ ᠲᠠᠨᠢᠯᠴᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠬᠦᠷᠢᠶᠡᠯᠡᠩ ᠲᠣᠭᠤᠷᠢᠭ ᠤᠨ ᠪᠠᠶᠢᠭᠤᠯᠤᠮᠵᠢ ᠬᠢᠭᠡᠳ ᠠᠵᠢᠯᠴᠢᠨ ᠬᠡᠷᠡᠭᠯᠡᠬᠦ ᠠᠵᠤ ᠠᠬᠤᠶᠢᠯᠠᠯ᠂ ᠬᠤᠲᠠ ᠶᠢᠨ ᠳᠣᠲᠣᠷ᠎ᠠ ᠭᠠᠳᠠᠨᠠᠬᠢ ᠪᠠᠶᠢᠭᠤᠯᠤᠮᠵᠢ ᠵᠢᠴᠢ ᠡᠯ᠎ᠡ ᠲᠥᠷᠥᠯ ᠤᠨ ᠬᠦᠷᠢᠶᠡᠯᠡᠩ ᠲᠣᠭᠤᠷᠢᠭ ᠤᠨ ᠬᠤᠭᠤᠷᠣᠨᠳᠣᠬᠢ ᠵᠣᠯᠭᠠᠯᠴᠠᠭ᠎ᠠ ᠰᠣᠯᠢᠯᠴᠠᠭᠠᠨ ᠤ ᠲᠠᠪᠴᠠᠩ ᠢ ᠪᠠᠶᠢᠭᠤᠯᠵᠤ᠂ ᠵᠠᠬ᠎ᠠ ᠳᠡᠯᠭᠡᠭᠦᠷᠴᠢᠯᠡᠭᠰᠡᠨ ᠠᠵᠢᠯ ᠣᠯᠭᠤᠯᠲᠠ ᠶᠢᠨ ᠴᠢᠳᠠᠪᠤᠷᠢᠲᠠᠨ ᠤ ᠬᠠᠩᠭᠠᠯᠭ᠎ᠠ ᠶᠢ ᠬᠦᠴᠦᠯᠡᠨ ᠥᠷᠭᠡᠳᠬᠡᠨ᠎ᠡ᠃      ᠠᠵᠤ ᠠᠬᠤᠶᠢᠯᠠᠯ ᠢ ᠬᠠᠪᠰᠤᠷᠤᠨ ᠠᠵᠢᠯᠴᠢᠨ ᠬᠡᠷᠡᠭᠯᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠠᠵᠢᠯ ᠠᠯᠳᠠᠯᠲᠠ ᠶᠢᠨ ᠳᠠᠭᠠᠳᠬᠠᠯ ᠤᠨ ᠵᠠᠷᠤᠳᠠᠯ ᠤᠨ ᠨᠣᠷᠮ᠎ᠠ ᠶᠢ ᠱᠠᠲᠤ ᠦᠶᠡᠴᠢ ᠴᠢᠨᠠᠷᠲᠠᠶ ᠪᠠᠷ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠵᠠᠷᠤᠳᠠᠯ ᠤᠨ ᠨᠣᠷᠮ᠎ᠠ ᠶᠢ ᠦᠷᠭᠦᠯᠵᠢᠯᠡᠨ 1%᠎ ᠪᠠᠷ ᠬᠡᠷᠡᠭᠵᠢᠭᠦᠯᠦᠨ᠎ᠡ᠃ ᠳᠡᠭᠡᠳᠦ ᠰᠤᠷᠭᠠᠭᠤᠯᠢ ᠲᠡᠭᠦᠰᠦᠭᠰᠡᠳ ᠢ ᠠᠵᠤ ᠠᠬᠤᠶᠢᠯᠠᠯ ᠬᠦᠯᠢᠶᠡᠨ ᠠᠪᠤᠭᠰᠠᠨ ᠵᠡᠷᠭᠡ ᠭᠤᠤᠯᠳᠠᠯᠭ᠎ᠠ ᠲᠠᠢ ᠬᠥᠮᠦᠰ ᠲᠤ ᠲᠣᠭᠲᠠᠭᠠᠯ ᠶᠣᠰᠣᠭᠠᠷ ᠵᠣᠬᠢᠬᠤ ᠪᠠᠷᠢᠮᠵᠢᠶ᠎ᠠ ᠶᠢᠨ ᠠᠵᠢᠯ ᠣᠯᠭᠤᠬᠤ ᠳᠠᠭᠠᠵᠤ ᠰᠤᠷᠬᠤ ᠨᠥᠬᠦᠪᠥᠷᠢ ᠤᠯᠭᠤᠨ᠎ᠠ᠃ ᠡᠭᠦᠨ ᠤ ᠬᠠᠮᠲᠤ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠭᠠᠷᠲᠠᠨ ᠭᠦᠢᠴᠡᠳᠭᠡᠬᠦ ᠦᠢᠯᠡᠴᠢᠯᠡᠭᠡ᠂ ᠠᠵᠢᠯ ᠣᠯᠭᠤᠬᠤ ᠦᠢᠯᠡᠴᠢᠯᠡᠭᠡ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠵᠡᠷᠭᠡ  ᠵᠦᠢᠯᠡᠰ ᠢ ᠲᠥᠪᠯᠡᠷᠡᠭᠦᠯᠦᠨ ᠲᠥᠷᠥ ᠶᠢᠨ ᠪᠣᠳᠣᠯᠭ᠎ᠠ ᠪᠠᠷ ᠪᠡᠯᠡᠭ ᠥᠭᠴᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠤᠬᠠᠭᠤᠯᠤᠨ ᠳᠡᠯᠭᠡᠷᠡᠭᠦᠯᠬᠦ ᠪᠠᠷ ᠳᠠᠮᠵᠢᠭᠤᠯᠤᠨ᠂ ︽ᠴᠢᠩᠱᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ︾᠎ ᠶᠢᠨ ᠠᠯᠪᠠᠨ ᠬᠠᠷᠠᠭᠠᠨ ᠳᠠᠪᠲᠠᠮᠵᠢ ᠶᠢᠨ ᠳ᠋ᠤᠭᠠᠷ ᠪᠠ ᠲᠢᠭ᠋ ᠲᠤᠭ ᠲᠠᠩᠰᠠᠨ ᠨᠣᠮᠧᠷ ᠲᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠠᠵᠢᠯᠲᠠᠨ ᠡᠯᠰᠡᠬᠦ ᠤᠷᠢᠳᠴᠢᠯᠠᠨ ᠮᠡᠳᠡᠭᠳᠡᠬᠦ ᠵᠡᠷᠭᠡ ᠤᠬᠠᠭᠤᠯᠭ᠎ᠠ ᠶᠢᠨ ᠸᠢᠳᠢᠣ᠋ ᠶᠢ ᠨᠡᠶᠢᠲᠡᠯᠡᠵᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠬᠠᠮᠤᠷᠬᠤ ᠬᠡᠪᠴᠢᠶ᠎ᠡ ᠪᠠ ᠮᠡᠳᠡᠬᠦ ᠨᠣᠷᠮ᠎ᠠ ᠶᠢ ᠨᠡᠮᠡᠭᠳᠡᠭᠦᠯᠦᠨ᠂ ᠠᠵᠤ ᠠᠬᠤᠶᠢᠯᠠᠯ ᠪᠠ ᠠᠵᠢᠯ ᠡᠷᠢᠭᠰᠡᠳ ᠢ ᠬᠥᠲᠥᠯᠦᠨ ᠵᠢᠯᠣᠭᠤᠳᠴᠤ ᠪᠠᠶᠢᠭᠠᠳ ᠠᠵᠢᠯᠴᠢᠨ ᠬᠡᠷᠡᠭᠯᠡᠬᠦ ᠲᠥᠷᠥ ᠶᠢᠨ ᠪᠣᠳᠣᠯᠭ᠎ᠠ ᠪᠠ ᠦᠢᠯᠡᠴᠢᠯᠡᠭᠡ ᠶᠢ ᠣᠨᠣᠪᠴᠢᠲᠠᠶ ᠡᠵᠡᠮᠰᠢᠯᠡᠭᠦᠯᠦᠨ᠎ᠡ᠃      ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ︽ᠪᠣᠳᠠᠲᠠᠶᠢᠵᠢᠭᠤᠯᠬᠤ︾ ᠠᠯᠬᠤᠭ᠎ᠠ᠂ ︽ᠰᠡᠳᠬᠢᠯ ᠢ ᠳᠤᠯᠠᠭᠠᠴᠠᠭᠤᠯᠬᠤ︾ ᠦᠢᠯᠡᠴᠢᠯᠡᠭᠡ ᠪᠠᠷ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠪᠠ ᠦᠢᠯᠡᠴᠢᠯᠡᠭᠡ ᠶᠢ ᠴᠠᠭ ᠲᠤᠬᠠᠶ ᠳᠤᠨᠢ ᠠᠵᠤ ᠠᠬᠤᠶᠢᠯᠠᠯ ᠤᠨ ᠳᠡᠷᠭᠡᠳᠡ ᠬᠦᠷᠭᠡᠵᠦ᠂ ᠠᠵᠤ ᠠᠬᠤᠶᠢᠯᠠᠯ ᠤᠨ ᠣᠯᠠᠨ ᠲᠠᠰ ᠳᠠᠪᠬᠤᠷᠭ᠎ᠠ ᠶᠢᠨ᠂ ᠣᠯᠠᠨ ᠡᠰᠢᠵᠢᠭᠰᠡᠨ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠬᠡᠷᠡᠭᠴᠡᠭᠡ ᠶᠢ ᠬᠠᠩᠭᠠᠵᠤ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠭᠦᠢᠴᠡᠳ ᠪᠠᠳᠠᠷᠠᠭᠤᠯᠤᠨ᠂ ᠠᠵᠤ ᠠᠬᠤᠶᠢᠯᠠᠯ ᠤᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠨ᠎ᠡ᠃    
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号