ᠮᠠᠨ ᠤ ᠲᠤᠭᠤᠷᠢᠭ ᠤᠨ ᠭᠤᠤᠯ ᠤᠨ ᠵᠠᠮ ᠤᠨ ᠴᠡᠪᠡᠷ ᠲᠡᠭᠰᠢ ᠪᠠᠶᠢᠬᠤ ᠶᠢ ᠬᠠᠮᠠᠭᠠᠯᠠᠵᠤ᠂ ᠭᠤᠤᠯ ᠤᠨ | ᠳᠠᠷᠤᠭ᠎ᠠ ᠶᠢᠨ ᠲᠦᠷᠢᠮ ᠤᠨ ᠠᠵᠢᠯ ᠢ ᠯᠠᠪᠳᠠᠭᠤᠨ ᠪᠠᠲᠤᠲᠠᠶ ᠪᠦᠲᠦᠮᠵᠢᠲᠡᠶ ᠨᠠᠶᠢᠲᠠᠪᠦᠷᠢᠵᠢᠭᠤᠯᠵᠦ᠂ ᠰᠠᠶᠢᠨ ᠰᠠᠶᠢᠬᠠᠨ | ᠠᠮᠢ ᠠᠬᠤᠶ ᠶᠢᠨ ᠣᠷᠴᠢᠨ ᠲᠣᠭᠤᠷᠢᠨ ᠢ ᠪᠣᠶ ᠪᠤᠯᠭᠠᠬᠤ ᠶᠢᠨ ᠲᠦᠯᠦᠭᠡ᠂ ᠣᠶᠢᠷ᠎ᠠ ᠳᠤ᠂ ᠲᠣᠭᠤᠷᠢᠭ ᠤᠨ ᠭᠤᠤᠯ ᠤᠨ | ᠳᠠᠷᠤᠭ᠎ᠠ ᠶᠢᠨ ᠠᠯᠪᠠᠨ ᠬᠡᠷ ᠬᠠᠷᠢᠶᠠᠲᠤ ᠣᠷᠣᠨ ᠤ 12 ᠵᠤᠷᠪᠤᠰ ᠭᠤᠤᠯ ᠤᠨ ᠵᠠᠮ ᠢ ᠪᠥᠬᠦ ᠲᠠᠯ᠎ᠠ ᠪᠠᠷ ᠲᠣᠭᠤᠷᠢᠨ | ᠪᠠᠶᠢᠴᠠᠭᠠᠵᠤ᠂ ᠲᠣᠭᠤᠷᠢᠨ ᠪᠠᠶᠢᠴᠠᠭᠠᠬᠤ ᠳᠤᠮᠳᠠ ᠬᠡᠰᠡᠭ ᠭᠤᠤᠯ ᠤᠨ ᠵᠠᠮ ᠳᠣᠲᠣᠷ᠎ᠠ ᠦᠶᠡᠷ ᠵᠠᠯᠠᠬᠤ ᠶᠢ ᠬᠠᠷᠰᠢᠯᠠᠵᠤ | ᠪᠠᠶᠢᠭ᠎ᠠ ᠠᠮᠢᠳᠤᠷᠠᠯ ᠤᠨ ᠬᠤᠭ ᠨᠣᠪᠰᠢ ᠵᠢᠴᠢ ᠪᠠᠷᠢᠯᠭ᠎ᠠ ᠶᠢᠨ ᠬᠤᠭ ᠨᠣᠪᠰᠢ ᠶᠢ ᠲᠤᠬᠠᠶ ᠶᠢᠨ ᠲᠠᠯᠠᠪᠠᠶ ᠳᠤ ᠴᠢᠩ ᠹᠦ᠋ | ᠪᠠᠯᠭᠠᠰᠤ ᠪᠠ ᠰᠢᠩ ᠱᠧᠩ ᠪᠠᠯᠭᠠᠰᠤᠨ ᠤ ᠭᠤᠤᠯ ᠤᠨ ᠳᠠᠷᠤᠭ᠎ᠠ ᠶᠢᠨ ᠠᠯᠪᠠᠨ ᠬᠡᠷ ᠢ ᠰᠢᠪᠠᠳᠠᠨ ᠴᠡᠪᠡᠷᠯᠡᠭᠦᠯᠵᠦ᠂ | ᠬᠤᠶᠠᠷ ᠪᠠᠯᠭᠠᠰᠤᠨ ᠤ ᠭᠤᠤᠯ ᠤᠨ ᠳᠠᠷᠤᠭ᠎ᠠ ᠶᠢᠨ ᠠᠯᠪᠠᠨ ᠬᠡᠷ ᠠᠴᠠ ᠠᠰᠠᠭᠤᠳᠠᠯ ᠪᠥᠬᠦᠶ ᠭᠤᠤᠯ ᠤᠨ ᠵᠠᠮ ᠢ ᠴᠠᠭ | ᠲᠤᠬᠠᠶ ᠳᠤᠨᠢ ᠴᠡᠪᠡᠷᠯᠡᠵᠦ᠂ ᠨᠡᠶᠢᠲᠡ 4 ᠰᠠᠤᠷᠢ ᠤᠳᠠᠭ᠎ᠠ ᠮᠠᠰᠢᠨ ᠬᠥᠳᠡᠯᠭᠡᠨ᠂ ᠡᠯ᠎ᠡ ᠲᠥᠷᠥᠯ ᠤᠨ ᠬᠤᠭ ᠨᠣᠪᠰᠢ ᠶᠢ | 80 ᠪᠣᠰᠤᠭ᠎ᠠ ᠳᠥᠷᠪᠡᠯᠵᠢᠨ ᠮᠧᠲᠷ ᠴᠡᠪᠡᠷᠯᠡᠪᠡ᠃ | ᠳᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠭᠤᠣᠯ ᠤᠨ ᠳᠠᠷᠤᠭ᠎ᠠ ᠶᠢᠨ ᠠᠯᠪᠠᠨ ᠭᠡᠷ | ᠭᠤᠣᠯ ᠤᠨ ᠵᠠᠮ ᠢ ᠲᠣᠭᠤᠷᠢᠨ ᠪᠠᠶᠢᠴᠠᠭᠠᠬᠤ ᠵᠢᠴᠢ ᠭᠤᠣᠯ ᠤᠨ ᠵᠠᠮ ᠢ ᠴᠡᠭᠴᠡᠯᠡᠨ ᠵᠠᠰᠠᠬᠤ ᠡᠷᠴᠢᠮ ᠢᠶᠠᠨ | ᠦᠷᠭᠦᠯᠵᠢᠯᠡᠨ ᠴᠢᠩᠭᠠᠳᠬᠠᠵᠤ᠂ ᠪᠣᠬᠢᠷᠲᠤᠯ ᠦᠭᠡᠢ ᠬᠥᠭᠵᠢᠯᠲᠡ ᠶᠢᠨ ᠤᠢᠢᠯᠠᠭᠠᠭᠳᠠᠬᠤᠨ ᠢ ᠦᠷᠭᠦᠯᠵᠢᠯᠡᠨ | ᠪᠠᠷᠢᠮᠲᠠᠯᠠᠵᠤ᠂ ᠨᠡᠩ ᠡᠷᠡᠰ ᠪᠠᠲᠤ ᠵᠣᠷᠢᠭ ᠪᠠ ᠬᠦᠴᠦᠲᠡᠢ ᠠᠷᠭ᠎ᠠ ᠬᠡᠮᠵᠢᠶ᠎ᠡ ᠪᠠᠷ ᠭᠤᠣᠯ ᠤᠨ ᠵᠠᠮ ᠢ ᠵᠠᠰᠠᠬᠤ ᠪᠠ | ᠬᠠᠮᠠᠭᠠᠯᠠᠬᠤ ᠠᠵᠢᠯ ᠤᠨ ᠲᠠᠰᠤᠷᠠᠯᠲᠠ ᠦᠭᠡᠢ ᠤᠷᠤᠭᠰᠢ ᠬᠥᠭᠵᠢᠬᠦ ᠶᠢ ᠠᠬᠢᠭᠤᠯᠵᠤ᠂ ᠦᠵᠡᠰᠬᠦᠯᠡᠩᠲᠦ ᠰᠠᠶᠢᠬᠠᠨ | ᠣᠷᠣᠰᠢᠨ ᠰᠠᠭᠤᠬᠤ ᠳᠤ ᠲᠣᠬᠢᠷᠠᠮᠵᠢᠲᠠᠢ ᠣᠷᠴᠢᠨ ᠲᠣᠭᠤᠷᠢᠨ ᠢ ᠪᠠᠶᠢᠭᠤᠯᠬᠤ ᠳᠤ ᠭᠤᠣᠯ ᠮᠥᠷᠡᠨ ᠨᠠᠭᠤᠷ | ᠴᠥᠭᠦᠷᠥᠮ ᠤᠨ ᠬᠦᠴᠦᠨ ᠴᠢᠳᠠᠯ ᠢᠶᠠᠨ ᠡᠷᠭᠦᠨ᠎ᠡ᠃ |