ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ︽ᠠᠵᠤ ᠠᠬᠤᠶᠢᠯᠠᠯ ᠤᠨ ᠪᠠᠶᠢᠳᠠᠯ ᠳᠤ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠬᠦ︾ ᠠᠵᠢᠯᠯᠠᠭ᠎ᠠ ᠥᠷᠨᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2025/3/6
      ᠠᠵᠤ ᠠᠬᠤᠶᠢᠯᠠᠯ ᠳᠤ ᠨᠠᠩ ᠰᠠᠶᠢᠨ ᠪᠥᠬᠦ ᠲᠠᠯ᠎ᠠ ᠶᠢᠨ᠂ ᠳᠣᠲᠣᠨᠣ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ ᠬᠠᠩᠭᠠᠬᠤ ᠶᠢᠨ ᠲᠥᠯᠥᠭᠡ᠂ ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ︽ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ︾ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠨᠠᠩ ᠪᠠᠲᠤ ᠪᠠᠬᠢ ᠬᠥᠮᠦᠨ ᠤ ᠬᠦᠴᠦᠨ ᠤ ᠡᠬᠢ ᠪᠠᠶᠠᠯᠢᠭ ᠤᠨ ᠡᠯᠧᠮᠧᠨ᠋ᠲ ᠤᠨ ᠪᠠᠲᠤᠯᠠᠭ᠎ᠠ ᠪᠠᠷ ᠦᠨᠡᠨ ᠬᠦ ᠠᠳᠬᠤᠨ ᠪᠣᠳᠠᠲᠠᠶ ᠠᠵᠢᠯᠯᠠᠵᠤ ᠠᠵᠤ ᠠᠬᠤᠶᠢᠯᠠᠯ ᠤᠨ ︽ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ︾ ᠳᠤ ᠬᠦᠴᠦᠨ ᠨᠡᠮᠡᠷᠢᠯᠡᠵᠦ᠂ ᠲᠡᠷᠢᠭᠦᠨ ᠤ ᠦᠢᠯᠡᠴᠢᠯᠡᠭᠡᠨ ᠤ ᠠᠵᠤ ᠠᠬᠤᠶ ᠶᠢᠨ ︽ᠰᠠᠶᠢᠨ ᠡᠬᠢᠯᠡᠯᠲᠡ︾ ᠶᠢ ᠪᠡᠶᠡᠯᠡᠭᠦᠯᠬᠦ ᠪᠠᠷ ᠬᠦᠴᠦᠯᠡᠨ ᠴᠢᠷᠮᠠᠶᠢᠪᠠ᠃      ᠤᠷᠢᠬᠠᠨ ᠰᠠᠯᠬᠢᠨ ᠤ ᠠᠵᠢᠯᠯᠠᠭ᠎ᠠ ᠥᠷᠨᠢᠭᠦᠯᠵᠦ ᠠᠵᠢᠯᠲᠠᠨ ᠡᠯᠰᠡᠪᠡ᠃ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢᠨ ᠲᠣᠭᠤᠷᠢᠨ ᠳᠤ᠂ ᠴᠠᠭᠠᠨ ᠰᠠᠷ᠎ᠠ ᠠᠴᠠ ᠰᠡᠭᠦᠯᠡᠷᠬᠢ ᠬᠥᠳᠡᠯᠮᠦᠷᠢᠴᠢᠳ ᠤᠨ ᠠᠵᠢᠯ ᠤᠨ ᠪᠠᠶᠢᠷᠢ ᠳᠠᠭᠠᠨ ᠪᠤᠴᠠᠭᠰᠠᠨ ᠪᠠ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠬᠠᠯᠠᠭᠤᠨ ᠴᠠᠭ ᠬᠤᠭᠤᠴᠠᠭ᠎ᠠ ᠶᠢ ᠠᠮᠵᠢᠨ ᠠᠳᠬᠤᠵᠤ᠂ ᠪᠢᠯᠢᠭ ᠤᠨ ᠤᠯᠠᠷᠢᠯ ᠤᠨ ᠴᠠᠭᠠᠨ ᠰᠠᠷ᠎ᠠ ᠶᠢᠨ ᠰᠢᠨ᠎ᠡ ᠶᠢᠨ ᠨᠠᠢᠮᠠᠨ ᠠᠴᠠ ᠡᠬᠢᠯᠡᠨ᠂ ᠴᠢᠩᠱᠠᠨ ᠲᠣᠭᠤᠷᠢᠭ ᠨᠢᠭᠡᠨᠲᠡ ︽ᠤᠷᠢᠬᠠᠨ ᠰᠠᠯᠬᠢᠨ ᠤ ᠠᠵᠢᠯᠯᠠᠭ᠎ᠠ - ᠮᠢᠩᠭᠠᠨ ᠠᠵᠢᠯ ᠤᠨ ᠪᠠᠶᠢᠷᠢ ᠳᠤ ᠬᠠᠪᠤᠷ ᠢ ᠤᠭᠲᠤᠬᠤ︾᠂ ︽ᠬᠤᠣᠰ ᠴᠢᠭᠯᠡᠯ ᠢᠶᠠᠷ ᠴᠢᠩᠱᠠᠨ ᠳᠤ ᠬᠦᠷᠬᠦ︾ ᠵᠡᠷᠭᠡ ᠲᠤᠮᠤ ᠬᠡᠯᠪᠡᠷᠢ ᠶᠢᠨ ᠠᠵᠢᠯᠴᠢᠨ ᠡᠯᠰᠡᠬᠦ ᠴᠤᠭᠯᠠᠭᠠᠨ ᠢ 2 ᠤᠳᠠᠭ᠎ᠠ ᠡᠷᠬᠢᠯᠡᠵᠦ᠂ 96 ᠠᠵᠤ ᠠᠬᠤᠶᠢᠯᠠᠯ ᠳᠤ ᠨᠡᠶᠢᠳᠡ 2662 ᠠᠵᠢᠯ ᠤᠨ ᠪᠠᠶᠢᠷᠢ ᠨᠡᠶᠢᠲᠡᠯᠡᠵᠦ᠂ ᠭᠡᠷᠡᠯ ᠴᠡᠨᠡᠭ᠂ ᠬᠤᠪᠣᠷ ᠰᠢᠷᠣᠢ᠂ ᠰᠣᠷᠢᠨᠵᠢᠨ ᠮᠠᠲ᠋ᠧᠷᠢᠶᠠᠯ᠂ ᠬᠦᠩᠭᠡᠨ ᠴᠠᠭᠠᠨ ᠤ ᠦᠢᠯᠡᠰ᠂ ᠰᠤᠷᠭᠠᠨ ᠬᠥᠮᠦᠵᠢᠯ᠂ ᠪᠠᠩᠬᠢ ᠵᠡᠷᠭᠡ ᠤᠯᠠᠨ ᠬᠦᠷᠢᠶ᠎ᠡ ᠶᠢ ᠬᠠᠮᠤᠷᠴᠤ᠂ 12600 ᠠᠵᠢᠯ ᠡᠷᠢᠭᠴᠢ ᠪᠠᠶᠢᠵᠤ᠂ ᠠᠵᠤ ᠠᠬᠤᠶᠢᠯᠠᠯ ᠲᠠᠢ ᠠᠩᠬ᠎ᠠ ᠠᠯᠬᠤᠮ ᠰᠠᠨᠠᠮᠵᠢ ᠶᠢᠨ ᠬᠥᠮᠦᠨ ᠤ ᠲᠤᠭ᠎ᠠ 1306 ᠬᠥᠮᠦᠨ ᠳᠤ ᠬᠦᠷᠴᠡᠢ᠃ ᠴᠢᠩᠱᠠᠨ ᠲᠣᠭᠤᠷᠢᠭ ᠬᠠᠪᠤᠷ ᠤᠨ ᠰᠠᠯᠬᠢᠨ ᠤ ᠠᠵᠢᠯᠯᠠᠭ᠎ᠠ ᠶᠢᠨ ᠰᠢᠷᠢᠰ ᠠᠵᠢᠯᠲᠠᠨ ᠡᠯᠰᠡᠬᠦ ᠠᠵᠢᠯᠯᠠᠭ᠎ᠠ ᠶᠢ ᠦᠷᠭᠦᠯᠵᠢᠯᠡᠨ 3 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ ᠥᠷᠨᠢᠭᠦᠯᠵᠦ᠂ ᠠᠵᠤ ᠠᠬᠤᠶᠢᠯᠠᠯ ᠪᠠ‌ᠠᠵᠢᠯ ᠡᠷᠢᠭᠰᠡᠳ ᠲᠤ ᠪᠦᠬᠦ ᠲᠠᠯ᠎ᠠ ᠶᠢᠨ᠂ ᠲᠠᠰᠤᠷᠠᠯᠲᠠ ᠦᠭᠡᠢ ᠠᠵᠢᠯ ᠣᠯᠭᠤᠯᠲᠠ ᠶᠢᠨ ᠳᠡᠮᠵᠢᠯᠭᠡ ᠬᠠᠩᠭᠠᠵᠤ᠂ ᠠᠵᠤ ᠠᠬᠤᠢ ᠶᠢᠨ ᠬᠥᠭᠵᠢᠯᠲᠡ ᠪᠣᠯᠤᠨ ᠨᠡᠶᠢᠭᠡᠮ ᠤᠨ ᠲᠣᠭᠲᠠᠭᠤᠨ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠨ᠎ᠡ᠃      ᠠᠵᠢᠯᠲᠠᠨ ᠢ ᠠᠵᠤ ᠠᠬᠤᠶᠢᠯᠠᠯ ᠳᠤ ᠬᠦᠷᠭᠡᠬᠦ‍ ᠨᠢᠭᠡ ᠬᠡᠯᠬᠢᠶ᠎ᠡ ᠦᠢᠯᠡᠴᠢᠯᠡᠭᠡ ᠬᠠᠩᠭᠠᠪᠠ᠃ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠲᠠᠯ᠎ᠠ ᠪᠠᠷ ᠳᠤᠲᠠᠭᠳᠠᠬᠤ ᠪᠠ ᠬᠥᠳᠡᠯᠮᠦᠷᠢ ᠬᠦᠴᠦᠨ ᠳᠤ ᠠᠵᠢᠯ ᠣᠯᠭᠤᠬᠤ ᠬᠡᠷᠡᠭᠴᠡᠭᠡ ᠶᠢᠨ ᠬᠤᠤᠰ ᠴᠢᠭᠯᠡᠯ ᠤᠨ ᠵᠥᠷᠢᠴᠡᠯ ᠢ ᠤᠯᠠᠮ ᠨᠢᠭᠡ ᠠᠯᠬᠤᠮ ᠰᠢᠢᠳᠪᠦᠷᠢᠯᠡᠬᠦ ᠶᠢᠨ ᠲᠥᠯᠥᠭᠡ᠂ ᠬᠤᠲᠠ ᠲᠣᠭᠤᠷᠢᠭ ᠬᠤᠶᠠᠷ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠣᠯᠭᠤᠯᠲᠠ ᠶᠢᠨ ᠰᠠᠯᠠᠭ᠎ᠠ ᠮᠥᠴᠢᠷ ︽ᠠᠵᠢᠯᠲᠠᠨ ᠢ ᠠᠵᠤ ᠠᠬᠤᠶᠢᠯᠠᠯ ᠳᠤ ᠣᠷᠣᠭᠤᠯᠬᠤ︾ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠡᠮᠦᠨᠡᠬᠢ ᠬᠤᠭᠤᠴᠠᠭᠠᠨ ᠳᠤ ︽ᠠᠵᠤ ᠠᠬᠤᠶᠢᠯᠠᠯ ᠢ ᠰᠤᠷᠪᠤᠯᠵᠢᠯᠠᠵᠤ ᠠᠵᠢᠯ ᠤᠨ ᠪᠠᠶᠢᠷᠢ ᠶᠢ ᠬᠠᠶᠢᠨ ᠰᠦᠪᠡᠭᠴᠢᠯᠡᠬᠦ︾ ᠪᠠᠷ ᠳᠠᠮᠵᠢᠭᠤᠯᠤᠨ᠂ 78 ᠠᠵᠢᠯ ᠡᠷᠢᠭᠴᠢ ᠶᠢ ᠵᠣᠬᠢᠶᠠᠨ ᠪᠠᠶᠢᠭᠤᠯᠤᠨ ᠬᠠᠩ ᠰᠢᠶᠤᠤ ᠪᠤᠯᠤᠳ ᠪᠦᠲᠦᠴᠡ ︵ᠥᠪᠥᠷ ᠮᠣᠩᠭᠤᠯ︶ ᠶᠢᠨ ᠬᠢᠵᠠᠭᠠᠷᠲᠤ ᠺᠣᠮᠫᠠᠨᠢ ᠳᠤ ᠬᠦᠷᠴᠦ᠂ ᠦᠢᠯᠡᠳᠪᠦᠷᠢᠯᠡᠯ ᠤᠨ ᠲᠠᠰᠤᠭ ᠲᠤ ᠭᠦᠨᠵᠡᠭᠡᠶᠢᠷᠡᠨ᠂ ᠦᠢᠯᠡᠳᠪᠦᠷᠢᠯᠡᠯ ᠤᠨ ᠶᠠᠪᠤᠴᠠ ᠶᠢ ᠣᠶᠢᠯᠠᠭᠠᠵᠤ᠂ ᠠᠵᠢᠯ ᠤᠨ ᠣᠷᠴᠢᠨ ᠲᠣᠭᠤᠷᠢᠨ ᠪᠠ ᠠᠵᠢᠯ ᠤᠨ ᠠᠭᠤᠯᠭ᠎ᠠ ᠶᠢ ᠰᠢᠭᠤᠳ ᠣᠶᠢᠯᠠᠭᠠᠭᠤᠯᠪᠠ᠃ ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠠᠰᠠᠭ ᠤᠨ ᠣᠷᠳᠣᠨ ᠤ ᠦᠢᠯᠡᠴᠢᠯᠡᠭᠡᠨ ᠤ ᠵᠠᠬ᠎ᠠ ᠳᠡᠯᠭᠡᠭᠦᠷ᠂ ᠠᠷᠠᠳ ᠤᠨ ᠠᠮᠢᠳᠤᠷᠠᠯ ᠢ ᠪᠠᠲᠤᠯᠠᠬᠤ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠦᠷᠭᠦᠯᠵᠢᠯᠡᠨ ᠬᠡᠷᠡᠭᠵᠢᠭᠦᠯᠵᠦ᠂ ︽ᠠᠵᠢᠯᠴᠢᠨ ᠢ ᠠᠵᠤ ᠠᠬᠤᠶᠢᠯᠠᠯ ᠳᠤ ᠬᠦᠷᠭᠡᠬᠦ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠦᠴᠢᠷᠳᠡᠯ ᠢ ᠰᠢᠢᠳᠪᠦᠷᠢᠯᠡᠬᠦ ᠪᠠᠷ ᠪᠠᠷᠠᠬᠤ ᠦᠭᠡᠢ ᠪᠠᠰᠠ ᠠᠵᠢᠯ ᠡᠷᠢᠭᠰᠡᠳ ᠲᠤ ᠴᠢᠨᠠᠷ ᠰᠠᠶᠢᠲᠠᠢ ᠲᠠᠪᠴᠠᠩ ᠪᠠᠶᠢᠭᠤᠯᠤᠨ᠎ᠠ᠃      ︽ᠨᠢᠭᠡ ᠥᠷᠲᠡᠭᠡ ᠮᠠᠶ᠋ᠢᠭ︾ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠢ ᠳᠡᠰ ᠳᠡᠪᠰᠢᠭᠦᠯᠦᠨ᠎ᠡ᠃ ᠴᠢᠩᠱᠠᠨ ᠤ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠳᠤ ᠲᠦᠰᠢᠭᠯᠡᠨ᠂ ᠬᠥᠮᠦᠨ ᠤ ᠬᠦᠴᠦᠨ ᠤ ᠡᠬᠢ ᠪᠠᠶᠠᠯᠢᠭ ᠤᠨ ᠣᠯᠠᠨ ᠲᠠᠰ ᠳᠠᠪᠬᠤᠷᠭ᠎ᠠ ᠶᠢᠨ ᠬᠠᠩᠭᠠᠯᠭ᠎ᠠ᠂ ᠥᠷᠭᠡᠨ ᠠᠷᠭ᠎ᠠ ᠵᠠᠮ ᠢ ᠠᠭᠤᠰᠤᠯᠴᠠᠭᠤᠯᠬᠤ᠂ ᠣᠯᠠᠨ ᠴᠢᠳᠠᠮᠵᠢ ᠶᠢ ᠤᠶᠠᠯᠳᠤᠭᠤᠯᠬᠤ ᠶᠢ ᠬᠦᠴᠦᠯᠡᠨ ᠳᠡᠭᠡᠭᠰᠢᠯᠡᠭᠦᠯᠵᠦ᠂ ᠬᠥᠮᠦᠨ ᠤ ᠬᠦᠴᠦᠨ ᠤ ᠡᠬᠢ ᠪᠠᠶᠠᠯᠢᠭ ᠤᠨ ᠪᠠᠶᠢᠳᠠᠯ ᠢ ᠬᠤᠷᠠᠮᠳᠤᠭᠤᠯᠤᠨ᠂ ᠠᠵᠤ ᠦᠢᠯᠡᠰ ᠢ ᠬᠥᠭᠵᠢᠭᠦᠯᠵᠦ᠂ ᠬᠤᠤᠰ ᠴᠢᠭᠯᠡᠯ ᠢᠶᠠᠷ ᠤᠷᠤᠭᠰᠢᠯᠠᠬᠤ ᠳᠤ ᠬᠦᠴᠦᠨ ᠨᠡᠮᠡᠷᠢᠯᠡᠪᠡ᠃ ᠡᠨᠡ ᠵᠢᠯ ᠠᠴᠠ ᠨᠠᠭᠠᠰᠢ᠂ ᠠᠵᠤ ᠦᠢᠯᠡᠰ ᠤᠨ ᠬᠦᠷᠢᠶᠡᠯᠡᠩ ᠤᠨ ᠡᠵᠡᠩᠨᠡᠯᠲᠡ ᠶᠢᠨ ᠣᠷᠣᠯᠭ᠎ᠠ ᠨᠡᠶᠢᠲᠡ 4346.09 ᠲᠦᠮᠡᠨ ᠲᠥᠭᠦᠷᠢᠭ ᠲᠤ ᠬᠦᠷᠴᠦ᠂ 115.58 ᠲᠦᠮᠡᠨ ᠲᠥᠭᠦᠷᠢᠭ ᠤᠨ ᠭᠠᠶᠢᠯᠢ ᠲᠤᠰᠢᠶᠠᠨ᠂ 550 ᠠᠵᠢᠯ ᠡᠷᠢᠭᠰᠡᠳ ᠢ ᠳᠠᠩᠰᠠᠯᠠᠵᠤ᠂ 60 ᠬᠥᠮᠦᠨ ᠤ ᠠᠵᠢᠯ ᠳᠤ ᠣᠷᠣᠬᠤ ᠶᠢ ᠠᠮᠵᠢᠯᠲᠠ ᠲᠠᠢ ᠲᠣᠬᠢᠷᠠᠭᠤᠯᠪᠠ᠃ ᠠᠵᠤ ᠦᠢᠯᠡᠰ ᠤᠨ ᠬᠦᠷᠢᠶᠡᠯᠡᠩ ᠨᠢ ᠦᠷᠭᠦᠯᠵᠢᠯᠡᠨ ᠪᠥᠬᠦ ᠬᠤᠲᠠ ᠶᠢᠨ ︽3+ 5+ N︾ ᠭᠤᠤᠯᠳᠠᠯᠭ᠎ᠠ ᠲᠠᠢ ᠠᠵᠤ ᠦᠢᠯᠡᠰ ᠤᠨ ᠪᠠᠶᠢᠷᠢᠰᠢᠭᠤᠯᠤᠯᠲᠠ ᠳᠤ ᠦᠢᠯᠡᠴᠢᠯᠡᠬᠦ ᠲᠣᠭᠤᠷᠢᠨ ᠳᠤ᠂ ᠠᠵᠤ ᠦᠢᠯᠡᠰ ᠤᠨ ᠲᠥᠪᠯᠡᠷᠡᠯ ᠤᠨ ᠦᠢᠯᠡᠳᠦᠯ ᠢ ᠪᠠᠳᠠᠷᠠᠭᠤᠯᠵᠤ᠂ ᠡᠯ᠎ᠡ ᠲᠥᠷᠥᠯ ᠤᠨ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ᠂ ᠠᠵᠢᠯᠲᠠᠨ ᠡᠯᠰᠡᠬᠦ ᠲᠠᠨᠢᠯᠴᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠬᠦᠷᠢᠶᠡᠯᠡᠩ ᠲᠣᠭᠤᠷᠢᠭ ᠤᠨ ᠪᠠᠶᠢᠭᠤᠯᠤᠮᠵᠢ ᠬᠢᠭᠡᠳ ᠠᠵᠢᠯᠴᠢᠨ ᠬᠡᠷᠡᠭᠯᠡᠬᠦ ᠠᠵᠤ ᠠᠬᠤᠶᠢᠯᠠᠯ᠂ ᠬᠤᠲᠠ ᠶᠢᠨ ᠳᠣᠲᠣᠷ᠎ᠠ ᠭᠠᠳᠠᠨᠠᠬᠢ ᠪᠠᠶᠢᠭᠤᠯᠤᠮᠵᠢ ᠵᠢᠴᠢ ᠡᠯ᠎ᠡ ᠲᠥᠷᠥᠯ ᠤᠨ ᠬᠦᠷᠢᠶᠡᠯᠡᠩ ᠲᠣᠭᠤᠷᠢᠭ ᠤᠨ ᠬᠤᠭᠤᠷᠣᠨᠳᠣᠬᠢ ᠵᠣᠯᠭᠠᠯᠴᠠᠭ᠎ᠠ ᠰᠣᠯᠢᠯᠴᠠᠭᠠᠨ ᠤ ᠲᠠᠪᠴᠠᠩ ᠢ ᠪᠠᠶᠢᠭᠤᠯᠵᠤ᠂ ᠵᠠᠬ᠎ᠠ ᠳᠡᠯᠭᠡᠭᠦᠷᠴᠢᠯᠡᠭᠰᠡᠨ ᠠᠵᠢᠯ ᠣᠯᠭᠤᠯᠲᠠ ᠶᠢᠨ ᠴᠢᠳᠠᠪᠤᠷᠢᠲᠠᠨ ᠤ ᠬᠠᠩᠭᠠᠯᠭ᠎ᠠ ᠶᠢ ᠬᠦᠴᠦᠯᠡᠨ ᠥᠷᠭᠡᠳᠬᠡᠨ᠎ᠡ᠃      ᠠᠵᠤ ᠠᠬᠤᠶᠢᠯᠠᠯ ᠢ ᠬᠠᠪᠰᠤᠷᠤᠨ ᠠᠵᠢᠯᠴᠢᠨ ᠬᠡᠷᠡᠭᠯᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠠᠵᠢᠯ ᠠᠯᠳᠠᠯᠲᠠ ᠶᠢᠨ ᠳᠠᠭᠠᠳᠬᠠᠯ ᠤᠨ ᠵᠠᠷᠤᠳᠠᠯ ᠤᠨ ᠨᠣᠷᠮ᠎ᠠ ᠶᠢ ᠱᠠᠲᠤ ᠦᠶᠡᠴᠢ ᠴᠢᠨᠠᠷᠲᠠᠶ ᠪᠠᠷ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠵᠠᠷᠤᠳᠠᠯ ᠤᠨ ᠨᠣᠷᠮ᠎ᠠ ᠶᠢ ᠦᠷᠭᠦᠯᠵᠢᠯᠡᠨ 1% ᠪᠠᠷ ᠬᠡᠷᠡᠭᠵᠢᠭᠦᠯᠦᠨ᠎ᠡ᠃ ᠳᠡᠭᠡᠳᠦ ᠰᠤᠷᠭᠠᠭᠤᠯᠢ ᠲᠡᠭᠦᠰᠦᠭᠰᠡᠳ ᠢ ᠠᠵᠤ ᠠᠬᠤᠶᠢᠯᠠᠯ ᠬᠦᠯᠢᠶᠡᠨ ᠠᠪᠤᠭᠰᠠᠨ ᠵᠡᠷᠭᠡ ᠭᠤᠤᠯᠳᠠᠯᠭ᠎ᠠ ᠲᠠᠢ ᠬᠥᠮᠦᠰ ᠲᠤ ᠲᠣᠭᠲᠠᠭᠠᠯ ᠶᠣᠰᠣᠭᠠᠷ ᠵᠣᠬᠢᠬᠤ ᠪᠠᠷᠢᠮᠵᠢᠶ᠎ᠠ ᠶᠢᠨ ᠠᠵᠢᠯ ᠣᠯᠭᠤᠬᠤ ᠳᠠᠭᠠᠵᠤ ᠰᠤᠷᠬᠤ ᠨᠥᠬᠦᠪᠥᠷᠢ ᠤᠯᠭᠤᠨ᠎ᠠ᠃ ᠡᠭᠦᠨ ᠤ ᠬᠠᠮᠲᠤ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠭᠠᠷᠲᠠᠨ ᠭᠦᠢᠴᠡᠳᠭᠡᠬᠦ ᠦᠢᠯᠡᠴᠢᠯᠡᠭᠡ᠂ ᠠᠵᠢᠯ ᠣᠯᠭᠤᠬᠤ ᠦᠢᠯᠡᠴᠢᠯᠡᠭᠡ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠵᠡᠷᠭᠡ  ᠵᠦᠢᠯᠡᠰ ᠢ ᠲᠥᠪᠯᠡᠷᠡᠭᠦᠯᠦᠨ ᠲᠥᠷᠥ ᠶᠢᠨ ᠪᠣᠳᠣᠯᠭ᠎ᠠ ᠪᠠᠷ ᠪᠡᠯᠡᠭ ᠥᠭᠴᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠤᠬᠠᠭᠤᠯᠤᠨ ᠳᠡᠯᠭᠡᠷᠡᠭᠦᠯᠬᠦ ᠪᠠᠷ ᠳᠠᠮᠵᠢᠭᠤᠯᠤᠨ᠂ ︽ᠴᠢᠩᠱᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ︾ ᠶᠢᠨ ᠠᠯᠪᠠᠨ ᠬᠠᠷᠠᠭᠠᠨ ᠳᠠᠪᠲᠠᠮᠵᠢ ᠶᠢᠨ ᠳ᠋ᠤᠭᠠᠷ ᠪᠠ ᠲᠢᠭ᠋ ᠲᠤᠭ ᠲᠠᠩᠰᠠᠨ ᠨᠣᠮᠧᠷ ᠲᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠠᠵᠢᠯᠲᠠᠨ ᠡᠯᠰᠡᠬᠦ ᠤᠷᠢᠳᠴᠢᠯᠠᠨ ᠮᠡᠳᠡᠭᠳᠡᠬᠦ ᠵᠡᠷᠭᠡ ᠤᠬᠠᠭᠤᠯᠭ᠎ᠠ ᠶᠢᠨ ᠸᠢᠳᠢᠣ᠋ ᠶᠢ ᠨᠡᠶᠢᠲᠡᠯᠡᠵᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠬᠠᠮᠤᠷᠬᠤ ᠬᠡᠪᠴᠢᠶ᠎ᠡ ᠪᠠ ᠮᠡᠳᠡᠬᠦ ᠨᠣᠷᠮ᠎ᠠ ᠶᠢ ᠨᠡᠮᠡᠭᠳᠡᠭᠦᠯᠦᠨ᠂ ᠠᠵᠤ ᠠᠬᠤᠶᠢᠯᠠᠯ ᠪᠠ ᠠᠵᠢᠯ ᠡᠷᠢᠭᠰᠡᠳ ᠢ ᠬᠥᠲᠥᠯᠦᠨ ᠵᠢᠯᠣᠭᠤᠳᠴᠤ ᠪᠠᠶᠢᠭᠠᠳ ᠠᠵᠢᠯᠴᠢᠨ ᠬᠡᠷᠡᠭᠯᠡᠬᠦ ᠲᠥᠷᠥ ᠶᠢᠨ ᠪᠣᠳᠣᠯᠭ᠎ᠠ ᠪᠠ ᠦᠢᠯᠡᠴᠢᠯᠡᠭᠡ ᠶᠢ ᠣᠨᠣᠪᠴᠢᠲᠠᠶ ᠡᠵᠡᠮᠰᠢᠯᠡᠭᠦᠯᠦᠨ᠎ᠡ᠃      ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ︽ᠪᠣᠳᠠᠲᠠᠶᠢᠵᠢᠭᠤᠯᠬᠤ︾ ᠠᠯᠬᠤᠭ᠎ᠠ᠂ ︽ᠰᠡᠳᠬᠢᠯ ᠢ ᠳᠤᠯᠠᠭᠠᠴᠠᠭᠤᠯᠬᠤ︾ ᠦᠢᠯᠡᠴᠢᠯᠡᠭᠡ ᠪᠠᠷ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠪᠠ ᠦᠢᠯᠡᠴᠢᠯᠡᠭᠡ ᠶᠢ ᠴᠠᠭ ᠲᠤᠬᠠᠶ ᠳᠤᠨᠢ ᠠᠵᠤ ᠠᠬᠤᠶᠢᠯᠠᠯ ᠤᠨ ᠳᠡᠷᠭᠡᠳᠡ ᠬᠦᠷᠭᠡᠵᠦ᠂ ᠠᠵᠤ ᠠᠬᠤᠶᠢᠯᠠᠯ ᠤᠨ ᠣᠯᠠᠨ ᠲᠠᠰ ᠳᠠᠪᠬᠤᠷᠭ᠎ᠠ ᠶᠢᠨ᠂ ᠣᠯᠠᠨ ᠡᠰᠢᠵᠢᠭᠰᠡᠨ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠬᠡᠷᠡᠭᠴᠡᠭᠡ ᠶᠢ ᠬᠠᠩᠭᠠᠵᠤ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠭᠦᠢᠴᠡᠳ ᠪᠠᠳᠠᠷᠠᠭᠤᠯᠤᠨ᠂ ᠠᠵᠤ ᠠᠬᠤᠶᠢᠯᠠᠯ ᠤᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠨ᠎ᠡ᠃    
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号