ᠴᠢᠩ ᠹᠦ᠋ ᠪᠠᠯᠭᠠᠰᠤ᠄ ᠳᠡᠯᠭᠡᠭᠦᠷ ᠤᠨ ᠮᠡᠳᠡᠭᠡ ᠵᠠᠩᠭᠢ ᠶᠢ ᠤᠶᠢᠯᠠᠭᠠᠨ ᠰᠢᠨᠡᠳᠭᠡᠵᠦ ᠨᠡᠶᠢᠭᠡᠮ ᠲᠣᠭᠤᠷᠢᠭ ᠤᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠪᠠᠲᠤᠳᠬᠠᠨ᠎ᠠ
ᠨᠡᠶᠢᠲᠡᠯᠡᠭᠰᠡᠨ ᠴᠠᠭ᠄
2025/3/7
      ᠨᠠᠮ ᠤᠨ ᠪᠠᠶᠢᠭᠤᠯᠤᠯᠲᠠ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠨᠡᠶᠢᠭᠡᠮ ᠲᠣᠭᠤᠷᠢᠭ ᠤᠨ ᠵᠠᠰᠠᠯᠲᠠ ᠶᠢ ᠨᠠᠷᠢᠯᠢᠬᠵᠢᠭᠤᠯᠬᠤ᠂ ᠦᠢᠯᠡᠴᠢᠯᠡᠭᠡ ᠶᠢ ᠨᠠᠷᠢᠯᠢᠭ ᠤᠨᠤᠪᠴᠢᠲᠠᠢ ᠪᠣᠯᠭᠠᠬᠤ ᠶᠢ ᠠᠬᠢᠭᠤᠯᠵᠤ᠂ ᠬᠠᠷᠢᠶᠠᠲᠤ ᠣᠷᠣᠨ ᠤ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠪᠠᠶᠢᠳᠠᠯ ᠢ ᠪᠥᠬᠦ ᠲᠠᠯ᠎ᠠ ᠪᠠᠷ ᠤᠶᠢᠯᠠᠭᠠᠨ ᠡᠵᠡᠮᠰᠢᠵᠦ᠂ ᠨᠡᠶᠢᠭᠡᠮ ᠲᠣᠭᠤᠷᠢᠭ ᠤᠨ ᠠᠵᠢᠯ ᠤᠨ ᠬᠠᠨᠳᠤᠯᠭᠠᠲᠤ ᠴᠢᠨᠠᠷ ᠪᠠ ᠪᠦᠲᠦᠮᠵᠢᠲᠦ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠴᠢᠩ ᠹᠦ᠋ ᠪᠠᠯᠭᠠᠰᠤᠨ ᠤ ᠪᠦᠦ ᠯᠢ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠡᠯ᠎ᠡ ᠲᠠᠯ᠎ᠠ ᠶᠢᠨ ᠬᠦᠴᠦᠨ ᠢ ᠡᠮᠬᠢᠯᠡᠨ ᠨᠡᠶᠢᠯᠡᠭᠦᠯᠵᠦ᠂ ᠡᠯ᠎ᠡ ᠲᠥᠷᠥᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢᠨ ᠦᠢᠯᠡᠳᠦᠯ ᠢ ᠪᠠᠳᠠᠷᠠᠭᠤᠯᠤᠨ᠂ ᠳᠡᠯᠭᠡᠭᠦᠷ ᠤᠨ ᠪᠠᠶᠢᠳᠠᠯ ᠢ ᠣᠶᠢᠯᠠᠭᠠᠬᠤ ᠠᠵᠢᠯ ᠢ ᠢᠳᠡᠪᠬᠢᠲᠡᠶ ᠥᠷᠨᠢᠭᠦᠯᠪᠡ᠃      ᠪᠠᠶᠢᠳᠠᠯ ᠢ ᠣᠶᠢᠯᠠᠭᠠᠬᠤ ᠳᠤᠮᠳᠠ᠂ ᠠᠵᠢᠯᠲᠠᠳ ᠳᠡᠯᠭᠡᠭᠦᠷ ᠨᠢᠭᠡᠪᠦᠷᠢ ᠳᠤ ᠭᠦᠨᠵᠡᠭᠡᠶ ᠰᠤᠷᠪᠤᠯᠵᠢᠯᠠᠭ᠎ᠠ ᠪᠠ ᠪᠠᠶᠢᠴᠠᠭᠠᠯᠲᠠ ᠬᠢᠵᠦ᠂ ᠳᠡᠯᠭᠡᠭᠦᠷ ᠤᠨ ᠡᠵᠡᠩᠨᠡᠯᠲᠡ ᠶᠢᠨ ᠬᠡᠪᠴᠢᠶ᠎ᠡ᠂ ᠡᠵᠡᠩᠨᠡᠯᠲᠡ ᠶᠢᠨ ᠴᠠᠭ᠂ ᠠᠵᠢᠯ ᠡᠷᠭᠢᠯᠡᠭᠰᠡᠳ ᠤᠨ ᠮᠡᠳᠡᠭᠡ ᠵᠠᠩᠭᠢ ᠶᠢ ᠨᠠᠷᠢᠨ ᠲᠡᠮᠳᠡᠭᠯᠡᠵᠦ᠂ ᠳᠡᠯᠭᠡᠭᠦᠷ ᠤᠨ ᠮᠡᠳᠡᠭᠡ ᠵᠠᠩᠭᠢ ᠶᠢᠨ ᠪᠥᠬᠦ ᠲᠠᠯᠠᠲᠤ ᠴᠢᠨᠠᠷ ᠪᠠ ᠣᠨᠣᠪᠴᠢᠲᠤ ᠴᠢᠨᠠᠷ ᠢ ᠦᠨᠡᠨ ᠬᠦ ᠪᠠᠲᠤᠯᠠᠬᠤ ᠶᠢᠨ ᠬᠠᠮᠲᠤ ᠳᠡᠯᠭᠡᠭᠦᠷ ᠤᠨ ᠮᠡᠳᠡᠭᠡ ᠵᠠᠩᠭᠢ ᠶᠢ ᠴᠢᠩᠱᠠᠨ ᠲᠣᠭᠤᠷᠢᠭ ᠤᠨ ᠨᠡᠶᠢᠭᠡᠮ ᠲᠣᠭᠤᠷᠢᠭ ᠤᠨ ᠵᠠᠰᠠᠯᠲᠠ ᠶᠢᠨ ᠮᠡᠳᠡᠭᠡ ᠵᠠᠩᠭᠢᠵᠢᠯᠲᠠ ᠶᠢᠨ ᠲᠠᠪᠴᠠᠩ ᠳᠤ  ᠤᠷᠤᠭᠤᠯᠵᠠᠢ᠃ ᠡᠲᠡᠭᠡᠷ ᠮᠡᠳᠡᠭᠡ ᠵᠠᠩᠭᠢ ᠨᠢ ᠨᠡᠶᠢᠭᠡᠮ ᠲᠣᠭᠤᠷᠢᠭ ᠤᠨ 15 ᠮᠢᠨᠦ᠋ᠲ ᠤᠨ ᠠᠮᠢᠳᠤᠷᠠᠯ ᠤᠨ ᠲᠣᠭᠤᠷᠢᠭ ᠤᠨ ᠵᠠᠯᠭᠠᠮᠵᠢ ᠨᠠᠷᠢᠯᠢᠭ ᠤᠨᠤᠪᠴᠢᠲᠠᠢ ᠦᠢᠯᠡᠴᠢᠯᠡᠭᠡ ᠳᠤ ᠨᠠᠷᠢᠨ ᠪᠣᠳᠠᠲᠠᠶ ᠰᠠᠭᠤᠷᠢ ᠮᠠᠲ᠋ᠧᠷᠢᠶᠠᠯ ᠬᠠᠩᠭᠠᠭᠰᠠᠨ ᠢᠶᠠᠷ ᠪᠠᠷᠠᠬᠤ ᠥᠬᠡᠶ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠨᠠᠷᠢᠯᠢᠬᠵᠢᠭᠤᠯᠤᠯᠲᠠ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃      ᠡᠭᠦᠨ ᠤ ᠬᠠᠮᠲᠤ᠂ ᠠᠵᠢᠯᠲᠠᠳ ᠪᠠᠰᠠ ᠳᠡᠯᠭᠡᠭᠦᠷ ᠫᠦᠰᠡ ᠳᠤ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠬᠤ ᠡᠰᠡᠬᠦ ᠶᠢ ᠣᠨᠴᠠᠭᠠᠶᠢᠯᠠᠨ ᠠᠩᠬᠠᠷᠴᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠳᠡᠯᠭᠡᠭᠦᠷ ᠤᠨ ᠬᠤᠳᠠᠯᠳᠤᠭᠠᠴᠢᠨ ᠳᠤ ᠠᠶᠤᠯᠭᠦᠢ ᠦᠢᠯᠡᠳᠪᠦᠷᠢᠯᠡᠯ ᠤᠨ ᠵᠢᠯᠤᠭᠤᠳᠤᠯᠭ᠎ᠠ ᠬᠢᠵᠦ᠂ ᠰᠢᠲᠠᠮᠠᠬᠠᠢ ᠬᠡᠢ ᠬᠡᠷᠡᠭᠯᠡᠬᠦ ᠠᠮᠤᠷ ᠲᠦᠪᠰᠢᠨ ᠤ ᠮᠡᠳᠡᠯᠭᠡ ᠶᠢ ᠢᠳᠡᠪᠬᠢᠲᠡᠢ ᠲᠦᠭᠡᠮᠡᠯᠵᠢᠭᠦᠯᠵᠦ᠂ ᠲᠡᠳᠡᠨᠤᠰ ᠤᠨ ᠠᠮᠤᠷ ᠲᠦᠪᠰᠢᠨ ᠤ ᠤᠬᠠᠮᠰᠠᠷ ᠪᠣᠯᠤᠨ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠬᠠᠮᠲᠤ ᠡᠯ᠎ᠡ ᠳᠡᠯᠭᠡᠭᠦᠷ ᠤᠨ ᠬᠠᠷᠢᠭᠤᠴᠠᠯᠭᠠᠲᠠᠨ ᠢ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠴᠢᠩᠭᠠᠳᠬᠠᠵᠤ᠂ ᠠᠮᠤᠷ ᠲᠦᠪᠰᠢᠨ ᠤ ᠭᠡᠮ ᠰᠣᠭᠤᠭ ᠢ ᠴᠠᠭ ᠲᠤᠬᠠᠢ ᠳᠤᠨᠢ ᠠᠷᠢᠯᠭᠠᠵᠤ᠂ ᠨᠡᠶᠢᠭᠡᠮ ᠲᠣᠭᠤᠷᠢᠭ ᠤᠨ ᠡᠶ᠎ᠡ ᠵᠣᠬᠢᠴᠠᠩᠭᠤᠢ ᠬᠥᠭᠵᠢᠯᠲᠡ ᠳᠤ ᠬᠠᠮᠲᠤᠪᠠᠷ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠱᠠᠭᠠᠷᠳᠠᠪᠠ᠃      ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠨᠢ ᠨᠡᠶᠢᠲᠡ 700 ᠭᠠᠷᠤᠶ ᠳᠡᠯᠭᠡᠭᠦᠷ ᠤᠨ ᠮᠡᠳᠡᠭᠡ ᠵᠠᠩᠭᠢ ᠶᠢ ᠰᠢᠨᠡᠳᠬᠡᠵᠦ᠂ ᠨᠡᠶᠢᠭᠡᠮ ᠲᠣᠭᠤᠷᠢᠭ ᠲᠤ ᠬᠠᠷᠢᠶᠠᠲᠤ ᠣᠷᠣᠨ ᠤ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠳᠡᠯᠦᠩᠭᠦᠶ ᠪᠠᠶᠢᠳᠠᠯ ᠢ ᠤᠯᠠᠮ ᠨᠢᠭᠡ ᠠᠯᠬᠤᠮ ᠤᠶᠢᠯᠠᠭᠠᠨ ᠡᠵᠡᠮᠰᠢᠭᠦᠯᠵᠦ᠂ ᠨᠡᠶᠢᠭᠡᠮ ᠲᠣᠭᠤᠷᠢᠭ ᠤᠨ ᠬᠠᠷᠢᠶ᠎ᠠ ᠣᠷᠣᠨ ᠤ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠪᠦᠲᠦᠮᠵᠢᠲᠡᠶ ᠬᠠᠮᠢᠶᠠᠷᠤᠯᠲᠠ ᠶᠢ ᠴᠢᠩᠭᠠᠳᠬᠠᠵᠤ᠂ ᠨᠡᠶᠢᠭᠡᠮ ᠲᠣᠭᠤᠷᠢᠭ ᠬᠢᠭᠡᠳ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠨᠡᠪᠲᠡᠷᠡᠯᠴᠡᠭᠡ ᠶᠢ ᠴᠢᠩᠭᠠᠳᠬᠠᠵᠤ᠂ ᠲᠣᠤᠷᠵᠢᠭᠤᠯᠤᠭᠰᠠᠨ ᠬᠠᠮᠢᠶᠠᠷᠤᠯᠲᠠ ᠶᠢᠨ ᠠᠵᠢᠯ ᠳᠤ ᠨᠠᠩ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃      ᠳᠠᠷᠠᠭᠠᠴᠢ ᠶᠢᠨ ᠠᠯᠬᠤᠮ ᠳᠤ᠂ ᠪᠦᠦ ᠯᠢ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠰᠠᠭᠤᠭᠠᠯᠢ ᠠᠷᠠᠳ ᠲᠤ ᠦᠢᠯᠡᠴᠢᠯᠡᠬᠦ ᠠᠵᠢᠯ ᠢᠶᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠠᠷᠭ᠎ᠠ ᠬᠡᠮᠵᠢᠶ᠎ᠡ ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠰᠠᠭᠤᠭᠠᠯᠢ ᠠᠷᠠᠳ ᠲᠤ ᠨᠡᠩ ᠰᠠᠶᠢᠨ ᠰᠠᠶᠢᠬᠠᠨ ᠠᠮᠢᠳᠤᠷᠠᠯ ᠤᠨ ᠣᠷᠴᠢᠨ ᠲᠣᠭᠤᠷᠢᠨ ᠢ ᠪᠤᠢ ᠪᠣᠯᠭᠠᠵᠤ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠨᠡᠩ ᠥᠨᠳᠥᠷ ᠲᠦᠪᠰᠢᠨ ᠲᠡᠰᠢ ᠤᠷᠤᠭᠰᠢᠯᠠᠬᠤ ᠶᠢ ᠠᠬᠢᠭᠤᠯᠬᠤ ᠪᠣᠯᠤᠨ᠎ᠠ᠃   
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号