ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠬᠤᠶᠠᠷ ᠪᠦᠲᠦᠭᠡᠭᠳᠡᠬᠦᠨ ᠨᠢᠭᠡ ᠪᠠᠭᠠᠵᠢ ᠬᠡᠷᠡᠭᠰᠡᠯ︾᠎ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠪᠣᠯᠪᠠᠰᠤᠷᠠᠯ ᠤᠨ ᠠᠩᠭᠢ ᠡᠷᠭᠢᠯᠡᠵᠦ᠂ ᠠᠵᠤ ᠠᠬᠤᠶᠢᠯᠠᠯ ᠤᠨ ᠵᠢᠷᠤᠮᠵᠢᠭᠰᠠᠨ ᠡᠵᠡᠩᠨᠡᠯᠲᠡ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2025/3/7
      3 ᠰᠠᠷ᠎ᠠ ᠶᠢᠨ 5᠎ ᠤ ᠡᠳᠦᠷ ᠤᠨ ᠦᠳᠡ ᠶᠢᠨ ᠡᠮᠦᠨ᠎ᠡ᠂ ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠣᠭᠤᠷᠢᠭ ᠤᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠳᠥᠷᠪᠡᠳᠦᠭᠡᠷ ᠳᠠᠪᠬᠤᠷᠯᠢᠭ ᠲᠤ ︽ᠬᠤᠶᠠᠷ ᠪᠦᠲᠦᠭᠡᠭᠳᠡᠬᠦᠨ ᠨᠢᠭᠡ ᠪᠠᠭᠠᠵᠢ ᠬᠡᠷᠡᠭᠰᠡᠯ︾᠎ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠪᠣᠯᠪᠠᠰᠤᠷᠠᠯ ᠤᠨ ᠠᠩᠭᠢ ᠶᠢ ᠵᠣᠬᠢᠶᠠᠨ ᠪᠠᠶᠢᠭᠤᠯᠤᠨ ᠡᠷᠭᠢᠯᠡᠵᠦ᠂ ᠬᠠᠷᠢᠶᠠᠲᠤ ᠣᠷᠣᠨ ᠤ ᠡᠮ ᠤᠨ ᠵᠦᠢᠯ ᠪᠠᠭᠠᠵᠢ ᠬᠡᠷᠡᠭᠰᠡᠯ ᠡᠵᠡᠩᠨᠡᠵᠦ ᠪᠠᠶᠢᠭ᠎ᠠ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠳᠤ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠡᠵᠡᠩᠨᠡᠬᠦ ᠭᠤᠭᠴᠣᠭᠠᠨ ᠳᠤ ᠪᠠᠶᠢᠩᠭᠤ ᠬᠡᠷᠡᠭᠯᠡᠬᠦ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠭᠤᠤᠯᠳᠠᠯᠭ᠎ᠠ ᠲᠠᠢ ᠠᠭᠤᠯᠭ᠎ᠠ ᠶᠢ ᠲᠠᠶᠢᠯᠪᠤᠷᠢᠯᠠᠨ ᠥᠭᠴᠦ᠂ ᠡᠯ᠎ᠡ ᠡᠮ ᠤᠨ ᠵᠦᠢᠯ ᠪᠠᠭᠠᠵᠢ ᠬᠡᠷᠡᠭᠰᠡᠯ ᠡᠵᠡᠩᠨᠡᠬᠦ ᠠᠵᠤ ᠠᠬᠤᠶᠢᠯᠠᠯ ᠨᠡᠶᠢᠲᠡ 200 ᠭᠠᠷᠤᠶ ᠬᠥᠮᠦᠨ ᠤᠳᠠᠭ᠎ᠠ ᠲᠣᠰ ᠤᠳᠠᠭᠠᠨ ᠤ ᠪᠣᠯᠪᠠᠰᠤᠷᠠᠯ ᠳᠤ ᠣᠷᠣᠯᠴᠠᠪᠠ᠃      ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠤᠶᠠᠳᠤᠭᠠᠷ ᠳᠡᠰ ᠤᠨ ᠡᠷᠬᠢᠯᠡᠭᠴᠢ ᠭᠡᠰᠢᠭᠦᠴᠢ ᠶᠠᠩ ᠯᠢ ᠸᠧᠢ ᠰᠤᠷᠤᠯᠭ᠎ᠠ ᠡᠬᠢᠯᠡᠬᠦ ᠶᠠᠷᠢᠶ᠎ᠠ ᠲᠠᠯᠪᠢᠪᠠ᠃ ᠨᠢᠭᠡ ᠲᠠᠯ᠎ᠠ ᠪᠠᠷ ᠳᠡᠭᠡᠷ᠎ᠡ ᠨᠢᠭᠡ ᠵᠢᠯ ᠤᠨ ᠡᠮ ᠤᠨ ᠵᠦᠢᠯ ᠡᠮᠴᠢᠯᠡᠭᠡᠨ ᠤ ᠪᠠᠭᠠᠵᠢ ᠬᠡᠷᠡᠭᠰᠡᠯ ᠢ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ ᠠᠶᠤᠯ ᠲᠦᠭᠰᠢᠭᠦᠷᠢ ᠶᠡᠬᠡᠲᠡᠶ ᠳᠠᠯᠳᠠ ᠭᠡᠮ ᠢ ᠰᠢᠰᠲ᠋ᠧᠮ ᠲᠠᠢ ᠡᠮᠬᠢᠯᠡᠵᠦ᠂ ᠡᠯ᠎ᠡ ᠡᠵᠡᠩᠨᠡᠯᠲᠡ ᠶᠢᠨ ᠭᠤᠤᠯ ᠴᠣᠭᠴᠠ ᠶᠢ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠤᠬᠠᠮᠰᠠᠷ ᠢᠶᠠᠨ ᠴᠢᠩᠭᠠᠳᠬᠠᠵᠤ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠴᠢᠩᠭ᠎ᠠ ᠥᠷᠨᠢᠭᠦᠯᠵᠦ᠂ ᠪᠠᠭ᠎ᠠ ᠳᠡᠭᠡᠷ᠎ᠡ ᠨᠢ ᠰᠡᠷᠭᠡᠶᠢᠯᠡᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠶ᠃ ᠨᠥᠭᠦᠭᠡ ᠲᠠᠯ᠎ᠠ ᠨᠢ 2025 ᠣᠨ ᠤ ᠭᠤᠤᠯᠳᠠᠯᠭ᠎ᠠ ᠲᠠᠢ ᠠᠵᠢᠯ ᠳᠤ ᠪᠠᠶᠢᠷᠢᠯᠠᠭᠤᠯᠤᠯᠲᠠ ᠬᠢᠵᠦ᠂ ᠡᠯ᠎ᠡ ᠡᠮᠴᠢᠯᠡᠭᠡᠨ ᠤ ᠪᠠᠭᠠᠵᠢ ᠬᠡᠷᠡᠭᠰᠡᠯ ᠡᠵᠡᠩᠨᠡᠬᠦ ᠠᠵᠤ ᠠᠬᠤᠶᠢᠯᠠᠯ ᠤᠳ ᠡᠷᠬᠡᠪᠰᠢ ᠵᠢᠷᠤᠮᠵᠢᠯ ᠲᠠᠢ ᠪᠠᠷ ᠭᠠᠷ ᠤᠨ ᠥᠰᠥᠭ ᠵᠢᠷᠤᠬᠤ ᠶᠢᠨ ᠬᠠᠮᠲᠤ ᠴᠠᠭ ᠲᠤᠬᠠᠶ ᠳᠤᠨᠢ ︽ᠬᠤᠶᠠᠷ ᠪᠢᠴᠢᠭ᠂ ᠨᠢᠭᠡ ᠬᠠᠭᠤᠳᠠᠰᠤ᠂ ᠬᠤᠤᠰ ᠮᠡᠳᠡᠭᠦᠯᠦᠯᠲᠡ︾᠎ ᠶᠢ ᠲᠤᠰᠢᠶᠠᠬᠤ ᠬᠡᠷᠡᠭᠲᠡᠶ︔ ᠡᠮ ᠤᠨ ᠵᠦᠢᠯ ᠢ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠢ ᠵᠡᠭᠡᠷᠭᠡᠨ᠎ᠡ ᠶᠢᠨ ᠱᠦᠯᠲᠦ ᠶᠢᠨ ᠲᠥᠷᠥᠯ ᠤᠨ ᠡᠮ ᠤᠨ ᠵᠦᠢᠯ ᠪᠠ ᠬᠢᠲᠠᠳ ᠴᠢᠨᠠᠬᠤ ᠡᠮ ᠤᠨ ᠶᠠᠰᠤ ᠴᠢᠨᠠᠷ ᠤᠨ ᠬᠠᠮᠢᠶᠠᠷᠤᠯᠲᠠ ᠡᠵᠡᠮᠳᠡᠯ ᠢ ᠭᠤᠤᠯᠳᠠᠯᠭ᠎ᠠ ᠲᠠᠢ ᠴᠢᠩᠭᠠᠳᠬᠠᠬᠤ ᠬᠡᠷᠡᠭᠲᠡᠶ᠂ ︽ᠠᠵᠢᠯ ᠡᠷᠬᠢᠯᠡᠬᠦ ᠡᠮ ᠨᠠᠶᠢᠷᠠᠭᠴᠢ ᠶᠢᠨ ︿ᠦᠨᠡᠮᠯᠡᠯ ᠡᠯᠭᠦᠬᠦ﹀ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠰᠬᠠᠶ ᠠᠵᠢᠯᠯᠠᠭ᠎ᠠ ᠶᠢ ᠥᠷᠨᠢᠭᠦᠯᠬᠦ ᠲᠤᠬᠠᠶ ᠮᠡᠳᠡᠭᠳᠡᠯ︾᠎ ᠤᠨ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠱᠠᠭᠠᠷᠳᠠᠪᠠ᠃ ᠬᠤᠷᠠᠯ ᠳᠡᠭᠡᠷ᠎ᠡ᠂ ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠠᠵᠢᠯ ᠡᠷᠭᠢᠯᠡᠬᠦ ᠡᠮ ᠨᠠᠶᠢᠷᠠᠭᠴᠢ ᠶᠢᠨ ᠠᠵᠢᠯ ᠤᠨ ᠪᠠᠶᠢᠷᠢ ᠳᠤ ᠪᠠᠶᠢᠬᠤ ᠥᠬᠡᠶ ᠠᠰᠠᠭᠤᠳᠠᠯ ᠤᠨ ᠲᠤᠬᠠᠶ ᠬᠠᠷᠢᠶ᠎ᠠ ᠣᠷᠣᠨ ᠤ ᠪᠠᠨ ᠡᠮ ᠤᠨ ᠵᠦᠢᠯ ᠢ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠳᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠰᠤᠭᠤᠴᠢᠨ ᠪᠠᠶᠢᠴᠠᠭᠠᠯᠲᠠ ᠬᠢᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠠᠷᠢᠶᠠᠲᠤ ᠣᠷᠣᠨ ᠤ ᠡᠮ ᠤᠨ ᠵᠦᠢᠯ ᠤᠨ ᠤᠬᠠᠭᠠᠨ ᠤ ᠦᠢᠯᠡᠴᠢᠯᠡᠭᠡᠨ ᠤ ᠵᠢᠷᠤᠮᠵᠢᠭᠰᠠᠨ ᠬᠢᠷᠢ ᠲᠦᠪᠰᠢᠨ ᠢ  ᠳᠡᠭᠡᠭᠰᠢᠯᠡᠭᠦᠯᠬᠦ ᠬᠡᠷᠡᠭᠲᠡᠢ ᠭᠡᠵᠦ ᠲᠤᠲᠤᠷᠬᠠᠶᠢᠯᠠᠪᠠ᠃      ᠲᠣᠰ ᠤᠳᠠᠭᠠᠨ ᠤ ᠲᠤᠰᠬᠠᠶ ᠰᠡᠳᠦᠪᠲᠦ ᠪᠣᠯᠪᠠᠰᠤᠷᠠᠭᠤᠯᠤᠯ ᠨᠢ ᠮᠠᠰᠢ ᠴᠢᠩᠭ᠎ᠠ ᠬᠠᠨᠳᠤᠯᠭᠠᠲᠤ ᠴᠢᠨᠠᠷ᠂ ᠵᠢᠯᠣᠭᠤᠳᠬᠤ ᠴᠢᠨᠠᠷ ᠲᠠᠢ ᠪᠠᠶᠢᠵᠤ᠂ ᠪᠣᠯᠪᠠᠰᠤᠷᠠᠭᠤᠯᠤᠯ ᠤᠨ ᠠᠭᠤᠯᠭ᠎ᠠ ᠨᠢ ᠠᠵᠢᠯ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠣᠯᠪᠠᠰᠤᠷᠠᠭᠤᠯᠤᠯ ᠳᠤ ᠣᠷᠣᠯᠴᠠᠭᠰᠠᠨ ᠪᠥᠬᠦ ᠬᠥᠮᠦᠰ ᠲᠤ ᠡᠮ ᠤᠨ ᠵᠦᠢᠯ ᠵᠢᠴᠢ ᠡᠮᠴᠢᠯᠡᠭᠡᠨ ᠤ ᠪᠠᠭᠠᠵᠢ ᠬᠡᠷᠡᠭᠰᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠨᠠᠩ ᠭᠦᠨᠵᠡᠭᠡᠶ ᠪᠥᠭᠡᠳ ᠨᠠᠩ ᠪᠥᠬᠦ ᠲᠠᠯ᠎ᠠ ᠪᠠᠷ ᠤᠶᠢᠯᠠᠭᠠᠨ ᠡᠵᠡᠮᠰᠢᠵᠦ᠂ ᠴᠢᠩᠱᠠᠨ ᠲᠣᠭᠤᠷᠢᠭ ᠤᠨ ᠡᠮ ᠤᠨ ᠵᠦᠢᠯ ᠪᠠᠭᠠᠵᠢ ᠬᠡᠷᠡᠭᠰᠡᠯ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠠᠤᠯᠢ ᠴᠠᠭᠠᠵᠠ ᠶᠢᠨ ᠤᠬᠠᠮᠰᠠᠷ ᠪᠠ ᠭᠤᠤᠯ ᠴᠣᠭᠴᠠ ᠶᠢᠨ ᠬᠠᠷᠢᠭᠤᠴᠠᠯᠭᠠᠲᠤ ᠤᠬᠠᠮᠰᠠᠷ ᠢ ︽ᠬᠤᠶᠠᠷ ᠢ ᠳᠡᠭᠡᠭᠰᠢᠯᠡᠭᠦᠯᠬᠦ︾᠎ ᠶᠢ ᠤᠯᠠᠮ ᠨᠢᠭᠡ ᠠᠯᠬᠤᠮ ᠳᠥᠯᠭᠢᠨ ᠠᠬᠢᠭᠤᠯᠤᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号