ᠤᠶᠢᠷ᠎ᠠ ᠶᠢᠨ ᠡᠳᠦᠷ᠂ ᠠᠵᠢᠯ ᠠᠴᠠ ᠪᠠᠨ ᠠᠮᠠᠷᠠᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ | ᠪᠠᠲᠤᠯᠠᠵᠤ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠣᠯᠭᠤᠮᠵᠢ ᠶᠢ ᠴᠠᠭ ᠲᠤᠬᠠᠢ ᠳᠤᠨᠢ᠂ ᠣᠨᠣᠪᠴᠢᠲᠠᠢ | ᠣᠯᠭᠤᠬᠤ ᠶᠢ ᠦᠨᠡᠨᠬᠦ ᠪᠠᠲᠤᠯᠠᠬᠤ ᠶᠢᠨ ᠲᠥᠯᠥᠭᠡ᠂ ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠭᠤᠷᠪᠠᠨ ᠰᠠᠷ᠎ᠠ ᠶᠢᠨ ᠨᠠᠢᠮᠠᠨ ᠤ ᠡᠮᠡᠭᠲᠡᠶᠢᠴᠤᠳ ᠤᠨ | ᠪᠠᠶᠠᠷ ᠬᠦᠷᠴᠦ ᠢᠷᠡᠬᠦ ᠲᠠᠰᠢᠷᠠᠮ ᠢᠶᠠᠷ᠂ ᠬᠥᠳᠡᠯᠵᠦ ᠪᠠᠷᠢᠬᠤ ᠳᠤ ᠳᠥᠭᠦᠮ ᠦᠭᠡᠢ ᠠᠵᠢᠯ ᠠᠴᠠ ᠪᠠᠨ | ᠠᠮᠠᠷᠠᠭᠰᠠᠳ ᠲᠤ ᠭᠡᠷ ᠲᠤᠨᠢ ᠬᠦᠷᠴᠦ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠣᠯᠭᠤᠮᠵᠢ ᠠᠪᠬᠤ ᠬᠢᠷᠢ | ᠭᠡᠮ ᠤᠨ ᠭᠡᠷᠡᠴᠢᠯᠡᠯ ᠠᠪᠬᠤ ᠠᠵᠢᠯᠯᠠᠭ᠎ᠠ ᠶᠢ ᠥᠷᠨᠢᠭᠦᠯᠵᠦ᠂ ᠯᠧᠢ ᠹᠧᠩ ᠤᠨ ᠵᠣᠷᠢᠭ ᠰᠠᠨᠠᠭ᠎ᠠ ᠶᠢ ᠤᠯᠠᠮᠵᠢᠯᠠᠨ | ᠵᠠᠯᠭᠠᠮᠵᠢᠯᠠᠵᠤ᠂ ᠬᠠᠪᠤᠷ ᠤᠨ ᠬᠦᠢᠲᠡᠨ ᠠᠭᠤᠷ ᠠᠮᠢᠰᠬᠤᠯ ᠳᠤ ᠨᠠᠰᠦᠲᠠᠶᠢᠴᠤᠳ ᠲᠤ ᠬᠠᠢᠷ᠎ᠠ ᠬᠠᠯᠠᠮᠵᠢ ᠬᠦᠷᠭᠡᠪᠡ᠃ | 3 ᠰᠠᠷ᠎ᠠ ᠶᠢᠨ 4 ᠤ ᠡᠳᠦᠷ ᠤᠨ ᠦᠳᠡ ᠶᠢᠨ ᠡᠮᠦᠨ᠎ᠡ᠂ ᠴᠢᠩᠱᠠᠨ ᠲᠣᠭᠤᠷᠢᠭ ᠤᠨ ᠬᠥᠮᠦᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯᠲᠠᠳ ᠰᠠᠨᠠᠭᠠᠴᠢᠯᠠᠭ᠎ᠠ ᠠᠴᠠ ᠪᠠᠨ | ᠨᠠᠰᠦᠲᠠᠶᠢᠴᠤᠳ ᠤᠨ ᠭᠡᠷ ᠲᠤ ᠬᠦᠷᠴᠦ᠂ ᠨᠠᠰᠤᠲᠠᠨ ᠢ ᠬᠦᠯᠢᠴᠡᠩᠭᠦᠢ ᠪᠠᠷ ᠨᠠᠷᠢᠨ ᠨᠢᠮᠪᠠᠢ ᠬᠠᠪᠰᠤᠷᠤᠨ | ᠭᠡᠷᠡᠴᠢᠯᠡᠯ ᠤᠨ ᠶᠠᠪᠤᠴᠠ ᠶᠢ ᠪᠡᠶᠡᠯᠡᠭᠦᠯᠪᠡ᠃ ᠭᠡᠷᠡᠴᠢᠯᠡᠬᠦ ᠶᠠᠪᠤᠴᠠ ᠳᠤ᠂ ᠠᠵᠢᠯᠲᠠᠳ ᠪᠠᠰᠠ ᠬᠡᠷ ᠪᠦᠯᠢ ᠶᠢᠨ ᠬᠢᠨ ᠲᠠᠢ | ᠳᠣᠲᠣᠨᠣ ᠪᠠᠷ ᠶᠠᠷᠢᠯᠴᠠᠵᠤ᠂ ᠲᠡᠳᠡᠨᠤᠰ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠪᠠᠶᠢᠳᠠᠯ᠂ ᠠᠮᠢᠳᠤᠷᠠᠯ ᠤᠨ | ᠪᠠᠶᠢᠳᠠᠯ ᠵᠢᠴᠢ ᠣᠷᠣᠰᠢᠵᠤ ᠪᠠᠶᠢᠭ᠎ᠠ ᠬᠦᠴᠢᠷᠳᠡᠯ ᠢ ᠬᠠᠯᠠᠮᠵᠢᠯᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠠᠷᠠᠳ | ᠲᠦᠮᠡᠨ ᠳᠤ ᠦᠢᠯᠡᠴᠢᠯᠡᠬᠦ︾ ᠵᠣᠷᠢᠯᠲᠠ ᠶᠢ ᠪᠣᠳᠠᠲᠠᠶ ᠳᠤ ᠨᠠᠶᠢᠳᠠᠪᠤᠷᠢᠵᠢᠭᠤᠯᠪᠠ᠃ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠪᠣᠯ ᠳᠠᠭᠠᠳᠬᠠᠯ ᠳᠤ | ᠣᠷᠣᠯᠴᠠᠬᠤ ᠬᠥᠮᠦᠨ ᠨᠢᠭᠡᠪᠦᠷᠢ ᠶᠢ ᠪᠠᠲᠤᠯᠠᠵᠤ᠂ ᠲᠡᠳᠡᠨᠤᠰ ᠤᠨ ᠡᠷᠬᠡ ᠠᠰᠢᠭ ᠢ ᠬᠠᠮᠠᠭᠠᠯᠠᠨ᠂ ᠲᠡᠳᠡᠨᠤᠰ ᠤᠨ | ᠠᠮᠢᠳᠤᠷᠠᠯ ᠢ ᠪᠠᠲᠤᠯᠠᠬᠤ ᠶᠠᠪᠤᠳᠠᠯ ᠪᠣᠯᠤᠨ᠎ᠠ᠃ ᠲᠣᠰ ᠤᠳᠠᠭᠠᠨ ᠤ ᠠᠵᠢᠯᠯᠠᠭ᠎ᠠ ᠳᠤ᠂ ᠠᠵᠢᠯ ᠠᠴᠠ ᠪᠠᠨ | ᠠᠮᠠᠷᠠᠭᠰᠠᠳ ᠤᠨ ᠪᠣᠳᠠᠲᠠᠶ ᠬᠦᠴᠢᠷᠳᠡᠯ ᠢ ᠰᠢᠢᠳᠪᠤᠷᠢᠯᠡᠭᠰᠡᠨ ᠢᠶᠠᠷ ᠪᠠᠷᠠᠬᠤ ᠥᠬᠡᠶ ᠪᠠᠰᠠ ᠲᠡᠳᠡᠨᠤᠰ ᠤᠨ | ᠨᠡᠶᠢᠭᠡᠮ ᠤᠨ ᠬᠠᠶᠢᠷ᠎ᠠ ᠬᠠᠯᠠᠮᠵᠢ ᠶᠢ ᠮᠡᠳᠡᠷᠡᠭᠦᠯᠵᠡᠢ᠂ ᠡᠨᠡ ᠤᠳᠠᠭᠠᠨ ᠤ ᠬᠡᠷ ᠲᠤᠨᠢ ᠬᠦᠷᠴᠦ ᠭᠡᠷᠡᠴᠢᠯᠡᠬᠦ ᠠᠵᠢᠯ ᠪᠣᠯ | ᠵᠥᠪᠬᠡᠨ ᠡᠬᠢᠯᠡᠯᠲᠡ ᠮᠥᠨ᠂ ᠵᠠᠯᠭᠠᠭᠠᠳ ᠠᠵᠢᠯ ᠠᠴᠠ ᠪᠠᠨ ᠠᠮᠠᠷᠠᠭᠰᠠᠳ ᠤᠨ ᠬᠡᠷᠡᠭᠴᠡᠭᠡ ᠱᠠᠭᠠᠷᠳᠠᠯᠭ᠎ᠠ ᠶᠢ | ᠦᠷᠭᠦᠯᠵᠢᠯᠡᠨ ᠠᠩᠬᠠᠷᠴᠤ᠂ ᠦᠢᠯᠡᠴᠢᠯᠡᠭᠡ ᠪᠠᠨ ᠲᠠᠰᠤᠷᠠᠯᠲᠠ ᠥᠬᠡᠶ ᠰᠢᠯᠢᠳᠡᠭᠵᠢᠭᠦᠯᠬᠦ ᠪᠣᠯᠤᠨ᠎ᠠ᠃ ᠢᠷᠡᠭᠡᠳᠦᠢ ᠳᠤ | ᠴᠢᠩᠱᠠᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠠᠷᠠᠮ ᠦᠭᠡᠢ | ᠵᠣᠷᠢᠭᠤᠯᠬᠤ ᠵᠣᠷᠢᠭ ᠰᠠᠨᠠᠭ᠎ᠠ ᠶᠢ ᠦᠷᠭᠦᠯᠵᠢᠯᠡᠨ ᠦᠢᠯᠡᠳᠦᠯᠭᠡᠵᠢᠭᠦᠯᠵᠦ᠂ ᠡᠨᠡ ᠬᠦ ᠬᠠᠶᠢᠷ᠎ᠠ ᠬᠠᠯᠠᠮᠵᠢ ᠶᠢ ᠲᠠᠰᠤᠷᠠᠯᠲᠠ | ᠦᠭᠡᠢ ᠦᠷᠭᠦᠯᠵᠢᠯᠡᠭᠦᠯᠦᠨ᠎ᠡ᠃ | | | |