ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠭᠤᠷᠪᠠᠨ ᠠᠯᠬᠤᠮ ᠢᠶᠠᠷ ᠶᠠᠪᠤᠵᠤ    ᠬᠠᠤᠯᠢ ᠪᠠᠷ ᠵᠠᠰᠠᠬᠤ ᠤᠬᠠᠭᠤᠯᠭ᠎ᠠ ᠶᠢᠨ ᠰᠢᠨ᠎ᠡ ᠪᠠᠶᠢᠷᠢᠰᠢᠯ ᠢ ᠪᠠᠶᠢᠭᠤᠯᠪᠠ
ᠨᠡᠶᠢᠲᠡᠯᠡᠭᠰᠡᠨ ᠴᠠᠭ᠄
2025/4/1
      ᠣᠶᠢᠷ᠎ᠠ ᠶᠢᠨ ᠵᠢᠯ ᠠᠴᠠ᠂ ᠵᠣᠯ ᠵᠢᠷᠭᠠᠯᠲᠤ ᠵᠠᠮ ᠰᠢᠨᠵᠢᠯᠡᠬᠦ ᠤᠬᠠᠭᠠᠨ ᠵᠠᠮ ᠤᠨ ᠬᠠᠤᠯᠢ ᠴᠠᠭᠠᠵᠠ ᠶᠢᠨ ᠭᠠᠵᠠᠷ ᠬᠠᠮᠲᠤᠷᠠᠨ ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢᠨ ᠬᠠᠷᠠᠯᠲᠠ ᠶᠢᠨ ᠲᠣᠭᠤᠷᠢᠨ ᠳᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠤᠨ ᠰᠢᠨ᠎ᠡ ᠰᠡᠳᠬᠢᠴᠡ᠂ ᠰᠢᠨ᠎ᠡ ᠠᠷᠭ᠎ᠠ ᠶᠢ ᠢᠳᠡᠪᠬᠢᠲᠡᠢ ᠰᠦᠪᠡᠭᠴᠢᠯᠡᠵᠦ᠂ ︽ᠤᠨᠢᠨ ᠳᠡᠭᠡᠷ᠎ᠡ ᠨᠢ ᠬᠠᠤᠯᠢ ᠴᠠᠭᠠᠵᠠ ᠶᠢ ᠲᠦᠭᠡᠮᠡᠯᠵᠢᠭᠦᠯᠬᠦ᠂ ᠬᠡᠯᠪᠡᠷᠢ ᠶᠢᠨ ᠰᠢᠨ᠎ᠡ ᠶᠢ ᠡᠭᠦᠳᠬᠦ᠂ ᠤᠷᠳᠤ ᠬᠤᠭᠤᠴᠠᠭ᠎ᠠ ᠪᠠᠷ ᠪᠦᠲᠦᠮᠵᠢᠲᠡᠢ ᠠᠬᠢᠭᠤᠯᠬᠤ︾ ᠠᠵᠢᠯ ᠤᠨ ᠵᠠᠭᠪᠤᠷ ᠢ ᠪᠦᠷᠢᠯᠳᠦᠭᠦᠯᠪᠡ᠃      ᠨᠢᠭᠡ᠂ ᠤᠨᠢᠨ ᠳᠡᠭᠡᠷ᠎ᠡ ᠨᠢ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠵᠦ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠦᠨ᠎ᠡ      ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠨᠢ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠲᠠᠢ ᠣᠶᠢᠷᠠᠲᠤᠵᠤ᠂ ︽ᠬᠠᠷᠠᠯᠲᠠ ᠲᠠᠢ ᠪᠠᠷ ᠰᠤᠮᠤ ᠬᠠᠷᠪᠤᠬᠤ︾᠎ ᠶᠢ ᠪᠡᠶᠡᠯᠡᠭᠦᠯᠵᠦ᠂ ᠠᠳᠠᠯᠢ ᠪᠤᠰᠤ ᠬᠠᠮᠲᠤᠯᠢᠭ ᠤᠨ ᠣᠨᠴᠠᠯᠢᠭ ᠢ ᠦᠨᠳᠦᠰᠦᠯᠡᠨ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠲᠥᠰᠦᠯ ᠢ ᠲᠤᠭᠲᠠᠭᠠᠪᠠ᠃ ᠨᠢᠭᠡ ᠳᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠴᠢᠭᠯᠡᠭᠦᠯᠦᠨ᠂ ᠣᠷᠤᠭ ᠬᠤᠷᠢᠮ ᠤᠨ ᠬᠡᠷ ᠪᠦᠯᠢ᠂ ᠡᠳ᠋ ᠬᠥᠷᠥᠩᠭᠡ ᠶᠢᠨ ᠵᠠᠯᠭᠠᠮᠵᠢᠯᠠᠯ᠂ ᠠᠳᠠᠯ ᠠᠬᠤᠶ ᠶᠢᠨ ᠬᠠᠮᠢᠶᠠᠷᠤᠯᠲᠠ ᠵᠡᠷᠭᠡ ᠡᠳᠦᠷ ᠲᠤᠲᠤᠮ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠬᠠᠤᠯᠢ ᠴᠠᠭᠠᠵᠠ ᠶᠢᠨ ᠮᠡᠳᠡᠯᠭᠡ ᠶᠢ ᠭᠤᠤᠯᠳᠠᠯᠭ᠎ᠠ ᠲᠠᠢ ᠲᠦᠭᠡᠮᠡᠯᠵᠢᠭᠦᠯᠵᠦ᠂ ᠣᠯᠠᠨ ᠲᠦᠮᠡᠨ ᠢ ᠬᠠᠪᠰᠤᠷᠤᠨ ᠪᠣᠳᠠᠲᠠᠶ ᠠᠰᠠᠭᠤᠳᠠᠯ ᠢ ᠨᠢ ᠰᠢᠢᠳᠪᠦᠷᠢᠯᠡᠵᠦ ᠥᠭᠪᠡ᠃ ᠨᠡᠶᠢᠭᠡᠮ ᠲᠣᠭᠤᠷᠢᠭ ᠲᠤ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠪᠤᠯᠤᠩ ᠭᠠᠷᠭᠠᠵᠤ᠂ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠪᠤᠯᠤᠩ ᠢ ᠲᠣᠭᠲᠠᠮᠠᠯ ᠬᠤᠭᠤᠴᠠᠭ᠎ᠠ ᠲᠠᠢ ᠪᠠᠷ ᠰᠢᠨᠡᠳᠬᠡᠨ᠎ᠡ᠃ ᠣᠳᠣᠬᠠᠨ ᠳᠤ᠂ ᠬᠠᠷᠢᠶ᠎ᠠ ᠣᠷᠣᠨ ᠤ ᠳᠣᠲᠣᠷ᠎ᠠ ᠬᠠᠤᠯᠢ ᠪᠠᠷ ᠵᠠᠰᠠᠬᠤ ᠵᠢᠭᠰᠠᠭᠠᠯ ᠤᠨ ᠭᠠᠵᠠᠷ 5 ᠪᠠᠶᠢᠭᠤᠯᠵᠤ᠂ ᠨᠡᠶᠢᠭᠡᠮ ᠲᠣᠭᠤᠷᠢᠭ ᠤᠨ ᠠᠯᠪᠠᠨ ᠵᠠᠷ ᠤᠨ ᠪᠤᠯᠤᠩ᠂ ᠸᠢᠴᠠᠲ ᠤᠨ ᠨᠡᠶᠢᠲᠡ ᠶᠢᠨ ᠳ᠋ᠤᠭᠠᠷ ᠵᠡᠷᠭᠡ ᠠᠷᠭ᠎ᠠ ᠵᠠᠮ ᠢ ᠠᠰᠢᠭᠯᠠᠨ᠂ ᠬᠠᠤᠯᠢ ᠴᠠᠭᠠᠵᠠ ᠶᠢᠨ ᠮᠡᠳᠡᠯᠭᠡ ᠪᠠ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠵᠦ᠂ ᠰᠠᠭᠤᠭᠠᠯᠢ ᠠᠷᠠᠳ ᠤᠨ ᠬᠠᠮᠢᠶ᠎ᠠ ᠪᠥᠬᠦᠶ ᠬᠠᠤᠯᠢ ᠴᠠᠭᠠᠵᠠ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠣᠶᠢᠯᠠᠭᠠᠬᠤ ᠶᠢ ᠦᠨᠡᠨ ᠬᠦ ᠪᠠᠲᠤᠯᠠᠪᠠ᠃ ᠬᠤᠶᠠᠷ ᠲᠤ ᠵᠠᠯᠠᠭᠤᠴᠤᠳ ᠪᠠᠭᠠᠴᠤᠳ ᠲᠤ ᠴᠢᠭᠯᠡᠭᠦᠯᠦᠨ᠂ ᠵᠦᠷᠢᠶᠡᠴᠢᠯᠡᠭᠰᠡᠨ ᠬᠠᠤᠯᠢ ᠲᠦᠭᠡᠮᠡᠯᠵᠢᠭᠦᠯᠬᠦ ᠬᠥᠮᠦᠵᠢᠯ ᠢ ᠥᠷᠨᠢᠭᠦᠯᠵᠦ᠂ ᠵᠠᠯᠠᠭᠤᠴᠤᠳ ᠪᠠᠭᠠᠴᠤᠳ ᠲᠤ ᠴᠢᠭᠯᠡᠭᠦᠯᠦᠨ ︽ᠵᠠᠯᠠᠭᠤᠴᠤᠳ ᠪᠠᠭᠠᠴᠤᠳ ᠤᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠭᠤᠣᠯ ᠰᠡᠳᠦᠪᠲᠦ ᠠᠵᠢᠯᠯᠠᠭ᠎ᠠ︾᠎ ᠶᠢ ᠥᠷᠨᠢᠭᠦᠯᠵᠦ᠂ ᠪᠢᠩ ᠬᠤᠩ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠶᠢ ᠤᠷᠢᠵᠤ ᠦᠨᠳᠦᠰᠦᠲᠡᠨ ᠤ ᠵᠠᠮ ᠤᠨ ᠪᠠᠭ᠎ᠠ ᠰᠤᠷᠭᠠᠭᠤᠯᠢ ᠳᠤ ᠭᠦᠨᠵᠡᠭᠡᠶᠢᠷᠡᠭᠦᠯᠦᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ︾᠎ ᠶᠢᠨ ᠮᠡᠳᠡᠯᠭᠡ ᠶᠢ ᠤᠬᠠᠭᠤᠯᠤᠨ ᠲᠠᠶᠢᠯᠪᠤᠷᠢᠯᠠᠵᠤ᠂ ᠬᠠᠷᠢᠯᠴᠠᠨ ᠬᠥᠳᠡᠯᠦᠯᠴᠡᠵᠦ ᠮᠠᠳᠠᠭ ᠲᠠᠢ ᠠᠰᠠᠭᠤᠳᠠᠯ ᠢ ᠬᠠᠷᠢᠭᠤᠯᠬᠤ᠂ ᠬᠠᠤᠯᠢ ᠪᠠᠷ ᠵᠠᠰᠠᠬᠤ ᠬᠢᠴᠢᠶᠡᠯ ᠤᠨ ᠲᠠᠩᠬᠢᠮ ᠵᠡᠷᠭᠡ ᠬᠡᠯᠪᠡᠷᠢ ᠪᠠᠷ ᠳᠠᠮᠵᠢᠭᠤᠯᠤᠨ᠂ ᠰᠢᠷᠢᠰ ᠬᠠᠤᠯᠢ ᠪᠠᠷ ᠵᠠᠰᠠᠬᠤ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ᠵᠠᠯᠠᠭᠤᠴᠤᠳ ᠪᠠᠭᠠᠴᠤᠳ ᠤᠨ ᠬᠠᠤᠯᠢ ᠪᠠᠷ ᠵᠠᠰᠠᠬᠤ ᠦᠵᠡᠯᠲᠡ ᠶᠢ ᠬᠥᠮᠦᠵᠢᠭᠦᠯᠪᠡ᠃ ᠭᠤᠷᠪᠠ ᠳᠤ ᠠᠵᠤ ᠠᠬᠤᠶᠢᠯᠠᠯ ᠤᠨ ᠠᠵᠢᠯᠲᠠᠨ ᠠᠵᠢᠯᠴᠢᠨ ᠳᠤ ᠬᠥᠳᠡᠯᠮᠦᠷᠢ ᠶᠢᠨ ᠬᠠᠤᠯᠢ ᠴᠠᠭᠠᠵᠠ ᠶᠢᠨ ᠲᠤᠰᠬᠠᠶ ᠰᠡᠳᠦᠪᠲᠦ ᠲᠠᠶᠢᠯᠤᠮᠵᠢ ᠬᠠᠩᠭᠠᠵᠤ᠂ ᠬᠥᠳᠡᠯᠮᠦᠷᠢ ᠶᠢᠨ ᠬᠠᠤᠯᠢ᠂ ᠭᠡᠷ᠎ᠡ ᠶᠢᠨ ᠬᠠᠤᠯᠢ᠂ ᠠᠶᠦᠯᠭᠦᠢ ᠦᠢᠯᠡᠳᠪᠦᠷᠢᠯᠡᠯ ᠤᠨ ᠬᠠᠤᠯᠢ ᠵᠡᠷᠭᠡ ᠲᠤᠰᠬᠠᠶ ᠰᠡᠳᠦᠪᠲᠦ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠶᠢ ᠥᠷᠨᠢᠭᠦᠯᠵᠦ᠂ ᠠᠵᠤ ᠠᠬᠤᠶᠢᠯᠠᠯ ᠤᠨ ᠬᠠᠤᠯᠢ ᠶᠣᠰᠣᠭᠠᠷ ᠡᠵᠡᠩᠨᠡᠬᠦ ᠦᠵᠡᠯ ᠤᠬᠠᠮᠰᠠᠷ ᠪᠠ ᠠᠵᠢᠯᠲᠠᠨ ᠠᠵᠢᠯᠴᠢᠨ ᠤ ᠡᠷᠬᠡ ᠪᠠᠨ ᠬᠠᠮᠠᠭᠠᠯᠠᠬᠤ ᠴᠢᠳᠠᠪᠤᠷᠢ ᠶᠢ ᠨᠡᠮᠡᠭᠳᠡᠭᠦᠯᠪᠡ᠃ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠪᠠᠷ ᠳᠠᠮᠵᠢᠭᠤᠯᠤᠨ᠂ ᠬᠠᠤᠯᠢ ᠲᠦᠭᠡᠮᠡᠯᠵᠢᠭᠦᠯᠬᠦ ᠠᠭᠤᠯᠭ᠎ᠠ ᠬᠢᠭᠡᠳ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠨᠢᠭᠲᠠ ᠤᠶᠠᠯᠳᠤᠭᠤᠯᠬᠤ ᠶᠢ ᠦᠨᠡᠨᠬᠦ ᠪᠠᠲᠤᠯᠠᠵᠤ᠂ ᠬᠠᠤᠯᠢ ᠲᠦᠭᠡᠮᠡᠯᠵᠢᠭᠦᠯᠬᠦ ᠬᠠᠨᠳᠤᠯᠭᠠᠲᠤ ᠴᠢᠨᠠᠷ ᠪᠠ ᠪᠣᠳᠠᠲᠤ ᠦᠷ᠎ᠡ ᠪᠦᠲᠦᠮᠵᠢᠲᠦ ᠴᠢᠨᠠᠷ ᠢ ᠳᠡᠭᠡᠭᠰᠢᠯᠡᠭᠦᠯᠦᠨ᠎ᠡ᠃      ᠬᠤᠶᠠᠷ᠂ ᠬᠡᠯᠪᠡᠷᠢ ᠶᠢᠨ ᠰᠢᠨ᠎ᠡ ᠶᠢ ᠡᠭᠦᠳᠴᠦ᠂ ᠲᠠᠲᠠᠬᠤ ᠬᠦᠴᠦᠨ ᠢ ᠨᠡᠮᠡᠭᠳᠡᠭᠦᠯᠦᠨ᠎ᠡ      ᠤᠯᠠᠮᠵᠢᠯᠠᠯᠲᠤ ᠳᠠᠩ ᠴᠤᠯᠭᠤᠶ ᠬᠠᠤᠯᠢ ᠲᠦᠭᠡᠮᠡᠯᠵᠢᠭᠦᠯᠬᠦ ᠠᠷᠭ᠎ᠠ ᠮᠠᠶ᠋ᠢᠭ ᠢ ᠬᠤᠪᠢᠷᠠᠭᠤᠯᠵᠤ᠂ ᠰᠢᠨ᠎ᠡ ᠶᠢ ᠡᠭᠦᠳᠬᠦ ᠬᠡᠯᠪᠡᠷᠢ ᠶᠢ ᠢᠳᠡᠪᠬᠢᠲᠡᠶ ᠰᠦᠪᠡᠭᠴᠢᠯᠡᠨ᠎ᠡ᠃ ᠨᠢᠭᠡ ᠳᠤ᠂ ᠰᠦᠯᠵᠢᠶᠡᠨ ᠳᠡᠭᠡᠷ᠎ᠡ ᠸᠢᠴᠠᠲ ᠤᠨ ᠨᠡᠶᠢᠲᠡ ᠶᠢᠨ ᠳ᠋ᠤᠭᠠᠷ᠂ ᠸᠢᠴᠠᠲ ᠤᠨ ᠰᠦᠯᠵᠢᠶᠡᠨ ᠤ ᠪᠦᠯᠦᠭᠯᠡᠯ ᠵᠡᠷᠭᠡ ᠰᠢᠨ᠎ᠡ ᠵᠠᠭᠤᠴᠢᠯᠠᠭᠤᠷ ᠤᠨ ᠲᠠᠪᠴᠠᠩ ᠢ ᠠᠰᠢᠭᠯᠠᠵᠤ᠂ ᠲᠥᠬᠦᠮ ᠣᠶᠢᠯᠠᠭᠠᠮᠵᠢᠲᠠᠶ ᠦᠭᠡ ᠬᠡᠯᠡ ᠪᠠ ᠠᠮᠢᠳᠤᠯᠢᠭ ᠬᠡᠷᠡᠭ ᠤᠨ ᠵᠢᠱᠢᠶ᠎ᠡ ᠪᠠᠷ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠪᠡ᠃ ᠬᠤᠶᠠᠷ ᠲᠤ᠂ ︽4.15︾ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠰᠢᠷᠢᠰ ᠤᠬᠠᠭᠤᠯᠭ᠎ᠠ ᠶᠢᠨ ᠠᠵᠢᠯᠯᠠᠭ᠎ᠠ᠂ ︽ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢᠨ ᠰᠢᠨ᠎ᠡ ᠶᠢ ᠡᠭᠦᠳᠬᠦ ᠶᠢ ᠬᠥᠲᠥᠯᠦᠨ ᠳᠠᠭᠠᠭᠤᠯᠤᠭᠰᠠᠨ 10 ᠵᠢᠯ ᠤᠨ ᠣᠶ︾ ᠭᠡᠬᠦ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠲᠠᠶᠢᠯᠤᠮᠵᠢ᠂ ︽ᠵᠣᠯ ᠵᠢᠷᠭᠠᠯᠲᠤ ᠳᠠᠷᠪᠠᠭᠤᠯ ᠬᠡᠶᠢᠰᠬᠡᠨ ᠠᠮᠤᠷ ᠲᠦᠪᠰᠢᠨ ᠢ ᠬᠠᠮᠠᠭᠠᠯᠠᠬᠤ︾ - ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ︾ ᠵᠢᠴᠢ ᠮᠡᠬᠡᠯᠡᠯ ᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾᠎ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠲᠦᠷᠢᠮ︾ ᠵᠡᠷᠭᠡ ᠰᠢᠷᠢᠰ ᠤᠬᠠᠭᠤᠯᠭ᠎ᠠ ᠶᠢᠨ ᠠᠵᠢᠯᠯᠠᠭ᠎ᠠ ᠶᠢ ᠡᠷᠭᠢᠯᠡᠵᠦ᠂ ᠰᠠᠭᠤᠭᠠᠯᠢ ᠠᠷᠠᠳ ᠤᠨ ᠬᠠᠤᠯᠢ ᠪᠠᠷ ᠵᠠᠰᠠᠬᠤ ᠤᠬᠠᠮᠰᠠᠷ ᠪᠠ ᠬᠠᠤᠯᠢ ᠴᠠᠭᠠᠵᠠ ᠶᠢᠨ ᠬᠡᠪ ᠪᠣᠯᠪᠠᠰᠤᠷᠠᠯ ᠢ ᠴᠢᠩᠭᠠᠳᠬᠠᠪᠠ᠃ ᠭᠤᠷᠪᠠ ᠳᠤ ᠰᠤᠷᠭᠠᠭᠤᠯᠢ᠂ ᠨᠡᠶᠢᠭᠡᠮ ᠲᠣᠭᠤᠷᠢᠭ᠂ ᠠᠵᠤ ᠠᠬᠤᠶᠢᠯᠠᠯ ᠵᠡᠷᠭᠡ ᠨᠢᠭᠡᠴᠢ ᠲᠠᠢ ᠬᠠᠮᠲᠤᠷᠠᠯᠴᠠᠵᠤ᠂ ︽ᠬᠠᠤᠯᠢ ᠴᠠᠭᠠᠵᠠ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾᠂ ︽ᠬᠠᠤᠯᠢ ᠴᠠᠭᠠᠵᠠ ᠶᠢ ᠨᠡᠶᠢᠭᠡᠮ ᠲᠣᠭᠤᠷᠢᠭ ᠲᠤ ᠣᠷᠣᠭᠤᠯᠬᠤ︾ ᠵᠡᠷᠭᠡ ᠠᠵᠢᠯᠯᠠᠭ᠎ᠠ ᠶᠢ ᠥᠷᠨᠢᠭᠦᠯᠵᠦ᠂ ᠭᠠᠯ ᠤᠨᠲᠠᠷᠠᠭᠠᠬᠤ ᠪᠣᠯᠪᠠᠰᠤᠷᠠᠭᠤᠯᠤᠯ ᠤᠨ ᠲᠥᠪ ᠤᠨ ᠰᠤᠷᠭᠠᠭᠴᠢ ᠲᠠᠢ ᠬᠠᠮᠲᠤᠷᠠᠨ ᠨᠡᠶᠢᠭᠡᠮ ᠲᠣᠭᠤᠷᠢᠭ ᠤᠨ ᠠᠵᠢᠯᠲᠠᠨ ᠵᠢᠴᠢ ᠰᠠᠭᠤᠭᠠᠯᠢ ᠠᠷᠠᠳ ᠲᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠤᠨᠲᠠᠷᠠᠭᠠᠬᠤ ᠬᠠᠤᠯᠢ︾᠎ ᠶᠢᠨ ᠮᠡᠳᠡᠯᠭᠡ ᠶᠢᠨ ᠲᠠᠶᠢᠯᠤᠮᠵᠢ ᠬᠢᠵᠦ᠂ ᠬᠠᠤᠯᠢ ᠲᠦᠭᠡᠮᠡᠯᠵᠢᠭᠦᠯᠬᠦ ᠠᠵᠢᠯ ᠢ ᠣᠯᠠᠨ ᠲᠦᠮᠡᠨ ᠤ ᠠᠮᠢᠳᠤᠷᠠᠯ ᠲᠠᠢ ᠨᠠᠩ ᠣᠶᠢᠷᠠᠲᠤᠭᠤᠯᠪᠠ᠃ ᠡᠯ᠎ᠡ ᠲᠥᠷᠥᠯ ᠤᠨ ᠰᠢᠨ᠎ᠡ ᠶᠢ ᠡᠭᠦᠳᠬᠦ ᠬᠡᠯᠪᠡᠷᠢ ᠪᠠᠷ ᠳᠠᠮᠵᠢᠭᠤᠯᠤᠨ᠂ ᠬᠠᠤᠯᠢ ᠲᠦᠭᠡᠮᠡᠯᠵᠢᠭᠦᠯᠬᠦ ᠠᠵᠢᠯ ᠨᠠᠩ ᠠᠮᠢᠳᠤᠯᠢᠭ ᠪᠥᠭᠡᠳ ᠰᠣᠨᠢᠷᠬᠠᠯᠲᠠᠶ ᠪᠣᠯᠵᠤ᠂ ᠣᠯᠠᠨ ᠲᠦᠮᠡᠨ ᠤ ᠣᠷᠣᠯᠴᠠᠬᠤ ᠬᠡᠮᠵᠢᠶ᠎ᠡ ᠢᠯᠡᠳᠲᠡ ᠳᠡᠭᠡᠭᠰᠢᠯᠡᠪᠡ᠃      ᠭᠤᠷᠪᠠ᠂ ᠤᠷᠲᠤ ᠬᠤᠭᠤᠴᠠᠭ᠎ᠠ ᠪᠠᠷ ᠪᠦᠲᠦᠮᠵᠢᠲᠡᠢ ᠠᠬᠢᠭᠤᠯᠵᠤ᠂ ᠦᠷ᠎ᠡ ᠪᠦᠲᠦᠭᠡᠯ ᠢᠶᠠᠨ ᠪᠠᠬᠢᠵᠢᠭᠦᠯᠦᠨ᠎ᠡ      ᠬᠠᠤᠯᠢ ᠲᠦᠭᠡᠮᠡᠯᠵᠢᠭᠦᠯᠬᠦ ᠠᠵᠢᠯ ᠤᠨ ᠤᠷᠲᠤ ᠬᠤᠭᠤᠴᠠᠭᠠᠨ ᠤ ᠪᠦᠲᠦᠮᠵᠢᠲᠦ ᠲᠣᠭᠲᠠᠴᠠ ᠶᠢ  ᠪᠠᠶᠢᠭᠤᠯᠤᠨ᠎ᠠ᠃ ᠨᠢᠭᠡ ᠳᠤ ᠵᠢᠯ ᠪᠦᠷᠢ ᠬᠠᠤᠯᠢ ᠲᠦᠭᠡᠮᠡᠯᠵᠢᠭᠦᠯᠬᠦ ᠲᠥᠯᠥᠪᠯᠡᠭᠡ ᠶᠢ ᠲᠣᠭᠲᠠᠭᠠᠵᠤ᠂ ᠡᠯ᠎ᠡ ᠲᠥᠷᠥᠯ ᠤᠨ ᠪᠠᠶᠠᠷ ᠤᠨ ᠡᠳᠦᠷ ᠤᠨ ᠵᠠᠩᠭᠢᠯᠠᠭ᠎ᠠ ᠶᠢᠨ ᠴᠡᠭ ᠲᠠᠢ ᠤᠶᠠᠯᠳᠤᠭᠤᠯᠤᠨ᠂ ᠬᠠᠤᠯᠢ ᠴᠠᠭᠠᠵᠠ ᠶᠢᠨ ᠮᠡᠳᠡᠯᠭᠡ ᠶᠢᠨ ᠪᠣᠯᠪᠠᠰᠤᠷᠠᠭᠤᠯᠤᠯ ᠪᠠ ᠤᠬᠠᠭᠤᠯᠭ᠎ᠠ ᠶᠢᠨ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠬᠠᠤᠯᠢ ᠲᠦᠭᠡᠮᠡᠯᠵᠢᠭᠦᠯᠬᠦ ᠠᠵᠢᠯ ᠤᠨ ᠦᠷᠭᠦᠯᠵᠢᠯᠡᠬᠦ ᠴᠢᠨᠠᠷ ᠪᠠ ᠲᠣᠭᠲᠠᠪᠤᠷᠢᠲᠤ ᠴᠢᠨᠠᠷ ᠢ ᠦᠨᠡᠨᠬᠦ ᠪᠠᠲᠤᠯᠠᠨ᠎ᠠ᠃ ᠬᠤᠶᠠᠷ ᠲᠤ᠂ ᠬᠠᠤᠯᠢ ᠴᠠᠭᠠᠵᠠ ᠶᠢᠨ ᠵᠥᠪᠯᠡᠯᠭᠡ ᠥᠭᠬᠦ ᠬᠠᠯᠠᠮᠰᠢᠯ ᠤᠲᠠᠰᠤ ᠪᠠ ᠰᠦᠯᠵᠢᠶᠡᠨ ᠳᠡᠭᠡᠷᠡᠬᠢ ᠬᠠᠤᠯᠢ ᠴᠠᠭᠠᠵᠠ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠣᠯᠠᠨ ᠲᠦᠮᠡᠨ ᠳᠤ ᠳᠥᠭᠦᠮ ᠳᠥᠲᠡ ᠬᠠᠤᠯᠢ ᠴᠠᠭᠠᠵᠠ ᠶᠢᠨ ᠵᠥᠪᠯᠡᠯᠭᠡ ᠥᠭᠬᠦ ᠦᠢᠯᠡᠴᠢᠯᠡᠭᠡ ᠬᠠᠩᠭᠠᠵᠤ᠂ ᠲᠡᠳᠡᠨᠤᠰ ᠢ ᠬᠠᠪᠰᠤᠷᠤᠨ ᠪᠣᠳᠠᠲᠠᠶ ᠬᠠᠤᠯᠢ ᠴᠠᠭᠠᠵᠠ ᠶᠢᠨ ᠠᠰᠠᠭᠤᠳᠠᠯ ᠢ ᠰᠢᠢᠳᠪᠦᠷᠢᠯᠡᠨ᠎ᠡ᠃ ᠭᠤᠷᠪᠠ ᠳᠤ᠂ ᠬᠢᠨᠠᠨ ᠰᠢᠯᠭᠠᠵᠤ ᠦᠨᠡᠯᠡᠨ ᠵᠢᠱᠢᠬᠦ ᠶᠢ ᠴᠢᠩᠭᠠᠳᠬᠠᠵᠤ᠂ ᠬᠠᠤᠯᠢ ᠲᠦᠭᠡᠮᠡᠯᠵᠢᠭᠦᠯᠬᠦ ᠦᠷ᠎ᠡ ᠪᠦᠲᠦᠮᠵᠢ ᠶᠢ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠵᠦ᠂ ᠠᠵᠢᠯ ᠤᠨ ᠠᠷᠭ᠎ᠠ ᠪᠣᠳᠣᠯᠭ᠎ᠠ ᠳᠤ ᠴᠠᠭ ᠲᠤᠬᠠᠶ ᠳᠤᠨᠢ ᠲᠣᠬᠢᠷᠠᠭᠤᠯᠤᠯᠲᠠ ᠬᠢᠵᠦ᠂ ᠬᠠᠤᠯᠢ ᠲᠦᠭᠡᠮᠡᠯᠵᠢᠭᠦᠯᠬᠦ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号