ᠣᠶᠢᠷ᠎ᠠ ᠳᠤ᠂ ᠬᠦᠴᠦᠷᠬᠡᠭᠵᠢᠯ ᠵᠠᠮ ᠤᠨ ᠵᠡᠭᠡᠯᠢ ᠭᠤᠳᠤᠮᠵᠢ ᠶᠢᠨ ᠶᠢᠨ ᠯᠢᠨ ᠨᠡᠶᠢᠭᠡᠮ ᠲᠣᠭᠤᠷᠢᠭ ᠤᠨ | ᠲᠥᠯᠥᠪᠯᠡᠭᠡᠲᠦ ᠦᠷᠡᠵᠢᠯ ᠤᠨ ᠺᠠᠳ᠋ᠷ ︽2025 ᠣᠨ ᠤ ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ | ᠲᠥᠯᠥᠪᠯᠡᠭᠡᠲᠦ ᠦᠷᠡᠵᠢᠯ ᠤᠨ ᠳᠠᠭᠠᠳᠬᠠᠯ ᠤᠨ ᠠᠵᠢᠯ ᠤᠨ ᠡᠬᠢᠯᠡᠯᠲᠡ ᠶᠢᠨ ᠬᠤᠷᠠᠯ︾ ᠳᠤ ᠣᠷᠣᠯᠴᠠᠵᠤ᠂ ᠬᠤᠷᠠᠯ | ᠳᠡᠭᠡᠷ᠎ᠡ᠂ ᠳᠤᠮᠳᠠᠳᠤ ᠤᠯᠤᠰ ᠤᠨ ᠠᠮᠢ ᠨᠠᠰᠤᠨ ᠤ ᠳᠠᠭᠠᠳᠬᠠᠯ ᠤᠨ ᠺᠣᠮᠫᠠᠨᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ | ᠲᠥᠯᠥᠪᠯᠡᠭᠡᠲᠦ ᠦᠷᠡᠵᠢᠯ ᠤᠨ ᠬᠡᠷ ᠪᠦᠯᠢ ᠶᠢᠨ ᠭᠡᠨᠡᠳᠲᠡ ᠶᠢᠨ ᠬᠡᠷᠡᠭ ᠤᠨ ᠲᠤᠬᠠᠶᠢᠯᠠᠭᠰᠠᠨ ᠠᠵᠢᠯ ᠤᠨ ᠲᠤᠬᠠᠶ | ᠲᠠᠨᠢᠯᠴᠠᠭᠤᠯᠭ᠎ᠠ ᠬᠢᠵᠦ᠂ ᠳᠠᠭᠠᠳᠬᠠᠯ ᠳᠤ ᠣᠷᠣᠯᠴᠠᠬᠤ ᠠᠷᠭ᠎ᠠ ᠮᠠᠶ᠋ᠢᠭ᠂ ᠳᠠᠭᠠᠳᠬᠠᠯ ᠤᠨ ᠬᠠᠷᠢᠭᠤᠴᠠᠯᠭ᠎ᠠ ᠶᠢᠨ | ᠬᠡᠪᠴᠢᠶ᠎ᠡ᠂ ᠰᠠᠨᠠᠭᠠᠨ ᠳᠤ ᠥᠬᠡᠶ ᠬᠡᠮᠵᠢᠶ᠎ᠡ᠂ ᠲᠥᠯᠥᠪᠦᠷᠢ ᠶᠢ ᠮᠡᠳᠡᠬᠦ ᠴᠢᠬᠤᠯᠠᠲᠠᠶ ᠵᠡᠷᠭᠡ ᠬᠠᠮᠢᠶ᠎ᠠ ᠪᠥᠬᠦᠶ ᠮᠡᠳᠡᠯᠭᠡ ᠶᠢ | ᠨᠠᠷᠢᠨ ᠲᠠᠶᠢᠯᠪᠤᠷᠢᠯᠠᠭᠰᠠᠨ ᠪᠥᠭᠡᠳ ᠲᠤᠬᠠᠶ ᠶᠢᠨ ᠲᠠᠯᠠᠪᠤᠷ ᠲᠤ ᠲᠥᠯᠥᠪᠯᠡᠭᠡᠲᠦ ᠦᠷᠡᠵᠢᠯ ᠤᠨ ᠲᠤᠰᠬᠠᠶ ᠺᠠᠳ᠋ᠷ ᠤᠨ | ᠳᠤᠷᠠᠳᠤᠭᠰᠠᠨ ᠮᠠᠳᠠᠭ ᠲᠠᠢ ᠠᠰᠠᠭᠤᠳᠠᠯ ᠳᠤ ᠨᠠᠷᠢᠨ ᠲᠣᠳᠣᠷᠬᠠᠶ ᠬᠠᠷᠢᠭᠤᠯᠲᠠ ᠥᠭᠪᠡ᠃ | ᠬᠤᠷᠠᠯ ᠤᠨ ᠳᠠᠷᠠᠭ᠎ᠠ ᠶᠢᠨ ᠯᠢᠨ ᠨᠡᠶᠢᠭᠡᠮ ᠲᠣᠭᠤᠷᠢᠭ ᠨᠢ ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨᠠᠬᠢ︾ | ᠤᠬᠠᠭᠤᠯᠭ᠎ᠠ ᠶᠢᠨ ᠠᠷᠭ᠎ᠠ ᠬᠡᠯᠪᠡᠷᠢ ᠶᠢ ᠢᠳᠡᠪᠬᠢᠲᠡᠶ ᠠᠪᠴᠤ᠂ ᠰᠦᠯᠵᠢᠶᠡᠨ ᠳᠡᠭᠡᠷ᠎ᠡ ᠰᠠᠭᠤᠭᠠᠯᠢ ᠠᠷᠠᠳ ᠤᠨ | ᠸᠢᠴᠠᠲ ᠪᠦᠯᠦᠭᠯᠡᠯ ᠢᠶᠠᠷ ᠮᠡᠳᠡᠭᠡ ᠵᠠᠩᠭᠢ ᠰᠢᠯᠵᠢᠭᠦᠯᠦᠨ ᠲᠠᠷᠬᠠᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠷᠭᠡᠨ | ᠣᠯᠠᠨ ᠬᠠᠷᠢᠶ᠎ᠠ ᠣᠷᠣᠨ ᠤ ᠣᠯᠠᠨ ᠲᠦᠮᠡᠨ ᠳᠤ ᠲᠥᠯᠥᠪᠯᠡᠭᠡᠲᠦ ᠦᠷᠡᠵᠢᠯ ᠤᠨ ᠬᠡᠷ ᠪᠦᠯᠢ ᠶᠢᠨ ᠭᠡᠨᠡᠳᠲᠡ ᠶᠢᠨ | ᠬᠡᠷᠡᠭ ᠤᠨ ᠳᠠᠭᠠᠳᠬᠠᠯ ᠤᠨ ᠲᠥᠷᠥᠯ ᠬᠡᠯᠪᠡᠷᠢ᠂ ᠳᠠᠭᠠᠳᠬᠠᠭᠤᠯᠬᠤ ᠨᠥᠬᠦᠴᠡᠯ᠂ ᠪᠠᠲᠤᠯᠠᠭ᠎ᠠ ᠶᠢᠨ ᠲᠤᠭ᠎ᠠ ᠬᠡᠮᠵᠢᠶ᠎ᠡ᠂ | ᠲᠥᠯᠥᠪᠦᠷᠢ ᠥᠭᠬᠦ ᠪᠠᠷᠢᠮᠵᠢᠶ᠎ᠠ ᠪᠠ ᠶᠠᠪᠤᠴᠠ ᠶᠢ ᠲᠦᠭᠡᠮᠡᠯᠵᠢᠭᠦᠯᠦᠨ᠎ᠡ︔ ᠨᠡᠶᠢᠭᠡᠮ ᠲᠣᠭᠤᠷᠢᠭ ᠲᠤ ᠢᠷᠡᠵᠦ ᠠᠰᠠᠭᠤᠨ | ᠯᠠᠪᠯᠠᠬᠤ ᠰᠠᠭᠤᠭᠠᠯᠢ ᠠᠷᠠᠳ ᠤᠨ ᠨᠡᠶᠢᠭᠡᠮ ᠲᠣᠭᠤᠷᠢᠭ ᠤᠨ ᠠᠵᠢᠯᠲᠠᠨ ᠳᠤ ᠲᠥᠯᠥᠪᠯᠡᠭᠡᠲᠦ ᠦᠷᠡᠵᠢᠯ ᠤᠨ ᠬᠡᠷ | ᠪᠦᠯᠢ ᠶᠢᠨ ᠭᠡᠨᠡᠳᠲᠡ ᠶᠢᠨ ᠬᠡᠷᠡᠭ ᠤᠨ ᠳᠠᠭᠠᠳᠬᠠᠯ ᠤᠨ ᠣᠨᠴᠠᠯᠢᠭ ᠪᠠ ᠪᠠᠲᠤᠯᠠᠭ᠎ᠠ ᠶᠢᠨ ᠬᠡᠪᠴᠢᠶ᠎ᠡ ᠶᠢ | ᠬᠦᠯᠢᠴᠡᠩᠭᠦᠶ ᠪᠠᠷ ᠨᠠᠷᠢᠨ ᠨᠢᠮᠪᠠᠶ ᠲᠠᠶᠢᠯᠪᠤᠷᠢᠯᠠᠨ ᠥᠭᠴᠦ᠂ ᠥᠷᠭᠡᠨ ᠣᠯᠠᠨ ᠲᠥᠯᠥᠪᠯᠡᠭᠡᠲᠦ ᠦᠷᠡᠵᠢᠯ ᠤᠨ ᠬᠡᠷ | ᠪᠦᠯᠢ ᠶᠢ ᠬᠡᠷᠡᠭ ᠤᠨ ᠳᠠᠭᠠᠳᠬᠠᠯ ᠬᠤᠳᠠᠯᠳᠤᠨ ᠠᠪᠬᠤ ᠶᠢᠨ ᠴᠢᠬᠤᠯᠠ ᠴᠢᠨᠠᠷ ᠪᠠ ᠪᠠᠲᠤᠯᠠᠭ᠎ᠠ ᠶᠢᠨ ᠴᠢᠨᠠᠷ ᠢ | ᠭᠦᠢᠴᠡᠳ ᠲᠠᠨᠢᠭᠤᠯᠵᠤ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠳᠠᠭᠠᠳᠬᠠᠯ ᠤᠨ ᠦᠵᠡᠯ | ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠦᠵᠡᠯ ᠤᠬᠠᠮᠰᠠᠷ ᠢ ᠨᠢ ᠴᠢᠩᠭᠠᠷᠠᠭᠤᠯᠵᠤ᠂ ᠪᠠᠶᠢᠳᠠᠯ ᠢ ᠭᠦᠢᠴᠡᠳ | ᠣᠶᠢᠯᠠᠭᠠᠭᠰᠠᠨ ᠪᠠᠶᠢᠳᠠᠯ ᠤᠨ ᠳᠣᠤᠷ᠎ᠠ ᠤᠬᠠᠮᠰᠠᠷ ᠠᠴᠠ ᠪᠠᠨ ᠰᠠᠨᠠᠭᠠᠴᠢᠯᠠᠭ᠎ᠠ ᠠᠴᠠ ᠪᠠᠨ ᠳᠠᠭᠠᠳᠬᠠᠯ ᠳᠤ | ᠣᠷᠣᠯᠴᠠᠭᠤᠯᠤᠨ᠎ᠠ᠃ | ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠰᠠᠭᠤᠭᠠᠯᠢ ᠠᠷᠠᠳ ᠲᠤ ᠲᠥᠯᠥᠪᠯᠡᠭᠡᠲᠦ | ᠦᠷᠡᠵᠢᠯ ᠤᠨ ᠬᠡᠷ ᠪᠦᠯᠢ ᠶᠢᠨ ᠭᠡᠨᠡᠳᠲᠡ ᠶᠢᠨ ᠬᠡᠷᠡᠭ ᠤᠨ ᠳᠠᠭᠠᠳᠬᠠᠯ ᠤᠨ ᠴᠢᠬᠤᠯᠠ ᠴᠢᠨᠠᠷ ᠢ ᠲᠠᠨᠢᠭᠤᠯᠵᠤ᠂ | ᠲᠥᠯᠥᠪᠯᠡᠭᠡᠲᠦ ᠦᠷᠡᠵᠢᠯ ᠤᠨ ᠬᠡᠷ ᠪᠦᠯᠢ ᠶᠢᠨ ᠳᠠᠭᠠᠳᠬᠠᠯ ᠳᠤ ᠣᠷᠣᠯᠴᠠᠬᠤ ᠢᠳᠡᠪᠬᠢᠵᠢᠯ ᠢ ᠳᠡᠭᠡᠭᠰᠢᠯᠡᠭᠦᠯᠵᠦ᠂ | ᠲᠥᠯᠥᠪᠯᠡᠭᠡᠲᠦ ᠦᠷᠡᠵᠢᠯ ᠤᠨ ᠬᠡᠷ ᠪᠦᠯᠢ ᠳᠤ ᠥᠷᠭᠡᠨ ᠣᠯᠠᠨ ᠲᠥᠯᠥᠪᠯᠡᠭᠡᠲᠦ ᠦᠷᠡᠵᠢᠯ ᠤᠨ ᠬᠡᠷ ᠪᠦᠯᠢ ᠶᠢᠨ | ᠳᠠᠭᠠᠳᠬᠠᠯ ᠤᠨ ᠪᠣᠳᠠᠲᠤ ᠠᠰᠢᠭ ᠬᠦᠷᠲᠡᠭᠡᠪᠡ᠃ | ᠲᠠᠷᠠᠭᠠᠴᠢ ᠶᠢᠨ ᠠᠯᠬᠤᠮ ᠳᠤ᠂ ᠶᠢᠨ ᠯᠢᠨ ᠨᠡᠶᠢᠭᠡᠮ ᠲᠣᠭᠤᠷᠢᠭ ᠤᠬᠠᠭᠤᠯᠬᠤ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠵᠤ᠂ ᠲᠥᠯᠥᠪᠯᠡᠭᠡᠲᠦ ᠦᠷᠡᠵᠢᠯ ᠤᠨ ᠬᠡᠷ ᠪᠦᠯᠢ ᠶᠢᠨ ᠰᠠᠨᠠᠭᠠᠨ ᠳᠤ ᠥᠬᠡᠶ ᠭᠡᠮᠲᠦᠯ ᠤᠨ ᠳᠠᠭᠠᠳᠬᠠᠯ ᠤᠨ | ᠤᠬᠠᠭᠤᠯᠭ᠎ᠠ ᠶᠢᠨ ᠠᠵᠢᠯ ᠢ ᠴᠢᠨᠠᠷ ᠰᠠᠶᠢᠲᠠᠶ ᠪᠡᠶᠡᠯᠡᠭᠦᠯᠵᠦ᠂ ᠲᠥᠷᠥ ᠶᠢᠨ ᠪᠣᠳᠣᠯᠭ᠎ᠠ ᠶᠢ ᠣᠶᠢᠯᠠᠭᠠᠵᠤ ᠪᠦᠬᠦᠨ ᠢ | ᠬᠠᠮᠤᠷᠬᠤ ᠶᠢ ᠴᠢᠷᠮᠠᠶᠢᠨ ᠪᠡᠶᠡᠯᠡᠭᠦᠯᠵᠦ᠂ ᠲᠥᠯᠥᠪᠯᠡᠭᠡᠲᠦ ᠦᠷᠡᠵᠢᠯ ᠤᠨ ᠬᠡᠷ ᠪᠦᠯᠢ ᠳᠤ ᠪᠠᠲᠤ ᠪᠠᠬᠢ ᠬᠠᠯᠬᠠᠪᠴᠢ | ᠪᠠᠶᠢᠭᠤᠯᠵᠤ᠂ ᠣᠯᠠᠨ ᠲᠦᠮᠡᠨ ᠳᠤ ᠦᠨᠡᠨ ᠬᠦ ᠪᠣᠳᠠᠲᠤ ᠶᠠᠪᠤᠳᠠᠯ᠂ ᠰᠠᠶᠢᠨ ᠶᠠᠪᠤᠳᠠᠯ ᠬᠢᠵᠦ ᠥᠭᠭᠦᠨ᠎ᠡ᠃ | | | | | | | | |