ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠭᠤᠷᠪᠠᠨ ᠠᠵᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠵᠤ ᠣᠯᠠᠨ ᠲᠦᠮᠡᠨ ᠤ ︽ᠢᠳᠡᠰᠢᠨ ᠨᠣᠭᠤᠭ᠎ᠠ︾ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠪᠠ
ᠨᠡᠶᠢᠲᠡᠯᠡᠭᠰᠡᠨ ᠴᠠᠭ᠄
2025/4/1
      ᠬᠤᠲᠠ ᠶᠢᠨ ᠶᠡᠷᠦᠩᠬᠡᠶᠢᠯᠡᠨ ᠵᠠᠰᠠᠬᠤ ᠴᠢᠳᠠᠪᠤᠷᠢ ᠪᠠ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠵᠤ᠂ ᠬᠤᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠴᠡᠪᠡᠷ ᠲᠡᠭᠰᠢ ᠭᠤᠶᠣ ᠰᠠᠶᠢᠬᠠᠨ᠂ ᠠᠮᠤᠷ ᠲᠦᠪᠰᠢᠨ ᠡᠮᠬᠢ ᠵᠢᠷᠤᠮ ᠲᠠᠢ ᠬᠤᠲᠠ ᠶᠢᠨ ᠳᠦᠷᠢ ᠲᠥᠷᠬᠦ ᠶᠢ ᠪᠣᠶ ᠪᠣᠯᠭᠠᠬᠤ ᠶᠢᠨ ᠲᠥᠯᠥᠭᠡ᠂ ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠷᠠᠳ ᠤᠨ ᠠᠮᠢᠳᠤᠷᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠦᠨᠡᠨᠴᠢ ᠢᠲᠡᠭᠡᠮᠵᠢᠲᠡᠶ ᠡᠵᠡᠩᠨᠡᠯᠲᠡ ᠪᠠᠶᠢᠭᠤᠯᠤᠯᠲᠠ ᠶᠢ ᠥᠷᠨᠢᠭᠦᠯᠵᠦ᠂ ᠰᠠᠨᠠᠭ᠎ᠠ ᠠᠮᠤᠷ ᠴᠡᠪᠡᠷ ᠬᠡᠷᠡᠭᠯᠡᠭᠡᠨ ᠤ ᠣᠷᠴᠢᠨ ᠲᠣᠭᠤᠷᠢᠨ ᠢ ᠪᠣᠶ ᠪᠣᠯᠭᠠᠵᠤ᠂ ︽ᠢᠳᠡᠰᠢᠨ ᠨᠣᠭᠤᠭ᠎ᠠ︾ ᠶᠢ ᠢᠲᠡᠭᠡᠯ ᠲᠠᠢ ᠪᠣᠯᠭᠠᠨ᠎ᠠ᠃      ᠨᠢᠭᠡ ᠳᠤ᠂ ᠤᠬᠠᠭᠤᠯᠤᠨ ᠳᠠᠶᠢᠴᠢᠯᠠᠬᠤ ᠶᠢ ᠴᠢᠩᠭᠠᠳᠬᠠᠨ᠎ᠠ᠃ ᠲᠣᠪᠴᠢᠶ᠎ᠠ ᠠᠴᠠ 13 ᠵᠠᠬ᠎ᠠ ᠳᠡᠯᠭᠡᠭᠦᠷ ᠤᠨ ᠭᠤᠤᠯᠯᠠᠨ ᠡᠷᠭᠢᠯᠡᠬᠦ ᠲᠠᠯ᠎ᠠ ᠳᠤ ᠥᠷᠭᠡᠨ ᠢᠶᠠᠷ ᠤᠬᠠᠭᠤᠯᠵᠤ᠂ ᠲᠡᠳᠡᠨᠤᠰ ᠢ ᠳᠠᠶᠢᠴᠢᠯᠠᠨ ᠪᠣᠯᠪᠠᠰᠤᠨ ᠦᠨᠡᠨᠴᠢ ᠢᠲᠡᠭᠡᠮᠵᠢ ᠶᠢᠨ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ ᠳᠤ ᠢᠳᠡᠪᠬᠢᠲᠡᠶ ᠣᠷᠣᠯᠴᠠᠭᠤᠯᠵᠤ᠂ ᠵᠠᠬ᠎ᠠ ᠳᠡᠯᠭᠡᠭᠦᠷ ᠤᠨ ᠦᠨᠡᠨᠴᠢ ᠢᠲᠡᠭᠡᠮᠵᠢ ᠶᠢᠨ ᠡᠵᠡᠩᠨᠡᠯᠲᠡ ᠶᠢᠨ ᠠᠯᠳᠠᠷᠰᠢᠯ ᠢ ᠪᠣᠶ ᠪᠣᠯᠭᠠᠵᠤ᠂ ᠬᠤᠳᠠᠯᠳᠤᠭᠠᠨ ᠤ ᠡᠷᠦᠬᠡ ᠳᠤ ᠦᠨᠡᠨᠴᠢ ᠢᠲᠡᠭᠡᠮᠵᠢᠲᠡᠶ ᠡᠵᠡᠩᠨᠡᠯᠲᠡ ᠶᠢᠨ ᠴᠢᠬᠤᠯᠠ ᠴᠢᠨᠠᠷ ᠢ ᠭᠦᠢᠴᠡᠳ ᠲᠠᠨᠢᠭᠤᠯᠪᠠ᠃      ᠬᠤᠶᠠᠷ ᠲᠤ᠂ ᠵᠠᠬ᠎ᠠ ᠳᠡᠯᠭᠡᠭᠦᠷ ᠤᠨ ᠭᠤᠤᠯᠯᠠᠨ ᠡᠷᠬᠢᠯᠡᠭᠰᠡᠨ ᠲᠠᠯ᠎ᠠ ᠶᠢᠨ ᠬᠢᠨ ᠢ ᠢᠳᠡᠪᠬᠢᠲᠡᠶ ᠬᠠᠪᠰᠤᠷᠤᠨ ᠦᠨᠡᠨᠴᠢ ᠢᠲᠡᠭᠡᠮᠵᠢᠲᠡᠶ ᠡᠵᠡᠩᠨᠡᠯᠲᠡ ᠶᠢᠨ ᠪᠠᠶᠢᠭᠤᠯᠤᠯᠲᠠ ᠶᠢ ᠥᠷᠨᠢᠭᠦᠯᠦᠨ᠎ᠡ᠃ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠠᠵᠢᠯᠲᠠᠳ ᠵᠠᠬ᠎ᠠ ᠳᠡᠯᠭᠡᠭᠦᠷ ᠤᠨ ᠭᠤᠤᠯᠯᠠᠨ ᠡᠷᠭᠢᠯᠡᠭᠴᠢᠳ ᠢ ᠢᠳᠡᠪᠬᠢᠲᠡᠶ ᠬᠠᠪᠰᠤᠷᠤᠨ ᠵᠠᠬ᠎ᠠ ᠳᠡᠯᠭᠡᠭᠦᠷ ᠤᠨ ᠳᠣᠲᠣᠭᠠᠳᠤ ᠶᠢᠨ ᠡᠯ᠎ᠡ ᠲᠥᠷᠥᠯ ᠤᠨ ᠲᠦᠷᠢᠮ ᠲᠣᠭᠲᠠᠭᠠᠯ ᠢ ᠵᠢᠷᠤᠮᠵᠢᠭᠤᠯᠵᠤ᠂ ᠵᠠᠬ᠎ᠠ ᠳᠡᠯᠭᠡᠭᠦᠷ ᠲᠤ ᠰᠢᠯᠢᠳᠡᠭ ᠰᠠᠶᠢᠨ᠂ ᠣᠯᠠᠨ ᠲᠦᠮᠡᠨ ᠤ ᠲᠤᠰᠬᠠᠯ ᠰᠠᠶᠢᠨ᠂ ᠦᠢᠯᠡᠴᠢᠯᠡᠭᠡᠨ ᠤ ᠣᠪᠣᠷ ᠰᠠᠶᠢᠨ ᠪᠠᠶᠢᠬᠤ ᠶᠢ ᠱᠠᠭᠠᠷᠳᠠᠵᠤ᠂ ᠥᠪᠡᠷ ᠤᠨ ᠦᠨᠡᠨᠴᠢ ᠢᠲᠡᠭᠡᠮᠵᠢ ᠶᠢᠨ ᠨᠠᠷᠠᠲᠤ ᠲᠡᠮᠳᠡᠭᠲᠦ ᠶᠢᠨ ᠦᠢᠯᠡᠳᠦᠯ ᠢᠶᠠᠨ ᠥᠷᠭᠡᠳᠬᠡᠬᠦ ᠬᠡᠷᠡᠭᠲᠡᠶ ᠭᠡᠵᠦ ᠱᠠᠭᠠᠷᠳᠠᠪᠠ᠃      ᠭᠤᠷᠪᠠ ᠳᠤ᠂ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠢ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠦᠨᠡᠮᠯᠡᠯ ᠭᠠᠷᠳᠠᠬᠤ᠂ ᠠᠵᠢᠯᠯᠠᠵᠤ ᠪᠠᠶᠢᠭ᠎ᠠ ᠬᠥᠮᠥᠰ ᠤᠨ ᠡᠷᠡᠭᠦᠯ ᠮᠡᠨᠳᠦ ᠶᠢᠨ ᠭᠡᠷᠡᠴᠢ᠂ ᠡᠵᠡᠩᠨᠡᠯᠲᠡ ᠶᠢᠨ ᠲᠠᠯᠠᠪᠤᠷ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠭᠡᠷᠡᠴᠢ ᠪᠠᠷᠢᠮᠲᠠ ᠠᠪᠬᠤ ᠵᠢᠴᠢ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ᠂ ᠰᠤᠯᠠ ᠰᠠᠪᠠᠯᠠᠭᠰᠠᠨ ᠢᠳᠡᠭᠡᠨ ᠤ ᠱᠣᠰᠢᠭ᠎ᠠ ᠲᠡᠮᠳᠡᠭ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠪᠠᠶᠢᠴᠠᠭᠠᠯᠲᠠ ᠬᠢᠪᠡ᠃ ᠡᠵᠡᠩᠨᠡᠭᠴᠢ ᠶᠢ ᠰᠢᠮᠳᠠᠭᠤᠯᠵᠤ ᠪᠠᠶᠢᠭᠠᠳ ᠢᠳᠡᠭᠡᠨ ᠤ ᠠᠮᠤᠷ ᠲᠦᠪᠰᠢᠨ ᠤ ᠡᠳᠦᠷ ᠲᠤᠲᠤᠮ ᠤᠨ ᠬᠠᠮᠢᠶᠠᠷᠤᠯᠲᠠ ᠶᠢ ᠴᠢᠩᠭᠠᠳᠬᠠᠵᠤ᠂ ᠠᠵᠢᠯᠯᠠᠭᠠᠨ ᠤ ᠶᠠᠪᠤᠴᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠵᠢᠴᠢ ᠭᠡᠷᠡᠴᠢ ᠪᠠᠷᠢᠮᠲᠠ ᠠᠪᠬᠤ ᠡᠭᠦᠷᠭᠡ ᠶᠢ ᠦᠨᠡᠨᠬᠦ ᠭᠦᠢᠴᠡᠳᠬᠡᠵᠦ᠂ ᠢᠳᠡᠭᠡᠨ ᠤ ᠮᠠᠲ᠋ᠧᠷᠢᠶᠠᠯ ᠤᠨ ᠡᠬᠢ ᠡᠭᠦᠰᠦᠯ ᠢ ᠡᠷᠢᠬᠦ ᠶᠢ ᠦᠨᠡᠨᠬᠦ ᠪᠠᠲᠤᠯᠠᠨ᠎ᠠ᠃      2025 ᠤᠨ ᠠᠴᠠ ᠤᠳᠦ ᠪᠣᠯᠲᠠᠯ᠎ᠠ᠂ ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢᠭᠡᠨᠲᠡ ᠭᠠᠷᠠᠭ ᠤᠨ ᠭᠤᠷᠪᠠᠨ‌‍ᠣ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠲᠤᠰᠬᠠᠶ ᠴᠡᠭᠴᠡᠯᠡᠨ ᠵᠠᠰᠠᠯᠲᠠ ᠶᠢ 10 ᠤᠳᠠᠭ᠎ᠠ ᠥᠷᠨᠢᠭᠦᠯᠵᠦ᠂ ᠲᠣᠭᠤᠷᠢᠭ ᠤᠨ ᠬᠤᠲᠠ ᠶᠢᠨ ᠦᠵᠡᠮᠵᠢ ᠣᠷᠴᠢᠨ ᠲᠣᠭᠤᠷᠢᠨ ᠢ ᠲᠤᠰᠬᠠᠶ ᠴᠡᠭᠴᠡᠯᠡᠨ ᠵᠠᠰᠠᠵᠤ ᠴᠡᠭᠴᠡᠯᠡᠨ ᠰᠠᠶᠢᠵᠢᠷᠠᠭᠤᠯᠬᠤ 1 ᠠᠰᠠᠭᠤᠳᠠᠯ ᠢ ᠨᠠᠶᠢᠳᠠᠪᠤᠷᠢᠵᠢᠭᠤᠯᠵᠤ᠂ ᠬᠢᠨᠠᠯᠲᠠ ᠬᠠᠮᠢᠶᠠᠷᠤᠯᠲᠠ ᠶᠢ ᠪᠠᠶᠢᠩᠭᠤ ᠶᠢᠨ ᠴᠢᠨᠠᠷᠲᠠᠶ ᠤᠷᠳᠤ ᠬᠤᠭᠤᠴᠠᠭ᠎ᠠ ᠪᠠᠷ ᠵᠠᠰᠠᠬᠤ ᠶᠢ ᠪᠡᠶᠡᠯᠡᠭᠦᠯᠪᠡ᠃ ᠲᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠦᠷᠭᠦᠯᠵᠢᠯᠡᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠬᠦᠷᠢᠶᠡᠨ ᠳᠠᠬᠢ ᠲᠦᠷᠢᠮ ᠤᠨ ᠪᠠᠶᠢᠭᠤᠯᠤᠯᠲᠠ᠂ ᠣᠶᠤᠨᠴᠢ ᠬᠢᠨᠠᠯᠲᠠ ᠬᠠᠮᠢᠶᠠᠷᠤᠯᠲᠠ᠂ ᠢᠲᠡᠭᠡᠮᠵᠢ ᠶᠢᠨ ᠵᠠᠯᠬᠠᠭᠠᠨ ᠴᠡᠭᠡᠷᠯᠡᠭᠦᠯᠬᠦ᠂ ᠤᠬᠠᠭᠤᠯᠭ᠎ᠠ ᠬᠥᠮᠦᠵᠢᠯ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠦᠨᠡᠨᠴᠢ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠴᠢᠩᠭᠠᠳᠬᠠᠵᠤ᠂ ᠠᠮᠤᠷ ᠲᠦᠪᠰᠢᠨ᠂ ᠲᠥᠪ ᠭᠤᠤᠯᠴᠢ᠂ ᠢᠯᠡ ᠲᠣᠳᠣ᠂ ᠰᠠᠨᠠᠭ᠎ᠠ ᠠᠮᠤᠷ᠂ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠬᠡᠷᠡᠭᠯᠡᠭᠡᠨ ᠤ ᠣᠷᠴᠢᠨ ᠲᠣᠭᠤᠷᠢᠨ ᠢ ᠬᠦᠴᠦ ᠪᠠᠨ ᠬᠠᠮᠲᠤᠳᠬᠠᠨ ᠪᠣᠶ ᠪᠣᠯᠭᠠᠨ᠎ᠠ᠃    
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号