ᠴᠢᠩᠱᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠰᠢ ᠶᠢᠨ ᠫᠢᠩ ᠤᠨ ᠬᠠᠤᠯᠢᠵᠢᠯ ᠤᠨ ᠦᠵᠡᠯ | ᠰᠠᠨᠠᠭ᠎ᠠ ᠶᠢ ᠭᠦᠨᠵᠡᠭᠡᠶ ᠦᠢᠯᠡᠳᠦᠯᠭᠡᠵᠢᠭᠦᠯᠵᠦ᠂ ︽ᠠᠷᠠᠳ ᠤᠨ ᠡᠶᠡᠳᠡᠭᠦᠯᠦᠭᠴᠢ ᠶᠢᠨ ᠡᠩᠨᠡᠭᠡ ᠶᠢᠨ ᠪᠠᠶᠢᠭᠤᠯᠤᠯᠲᠠ ᠶᠢ | ᠴᠢᠩᠭᠠᠳᠬᠠᠬᠤ ᠲᠤᠬᠠᠶ ᠰᠠᠨᠠᠯ︾ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠢᠳᠡᠪᠬᠢᠲᠡᠶ ᠪᠠᠷ ᠬᠠᠶᠢᠨ | ᠰᠦᠪᠡᠭᠴᠢᠯᠡᠵᠦ ᠰᠢᠨ᠎ᠡ ᠶᠢ ᠡᠭᠦᠳᠴᠦ᠂ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ | ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠠᠭᠤᠰᠤᠯᠴᠠᠭᠤᠯᠵᠤ᠂ ︽ᠠᠷᠠᠳ ᠤᠨ ᠡᠶᠡᠳᠡᠭᠦᠯᠭᠡ + | ᠶᠡᠷᠦᠩᠬᠡᠶᠢᠯᠡᠨ ᠵᠠᠰᠠᠬᠤ ᠲᠥᠪ︾ ᠤᠨ ᠠᠵᠢᠯ ᠤᠨ ᠰᠢᠰᠲ᠋ᠧᠮ ᠢ ᠪᠠᠶᠢᠭᠤᠯᠵᠤ᠂ ᠵᠥᠷᠢᠴᠡᠯ ᠵᠢᠭᠤᠷᠠᠯᠳᠤᠭᠠᠨ ᠢ | ᠠᠷᠢᠯᠭᠠᠬᠤ ᠦᠵᠦᠭᠦᠷ ᠢ ᠤᠷᠤᠭᠰᠢ ᠰᠢᠯᠵᠢᠭᠦᠯᠬᠦ ᠶᠢ ᠠᠬᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ | ᠣᠳᠣᠬᠢᠴᠢᠯᠠᠯᠲᠠ ᠳᠤ ᠪᠠᠲᠤ ᠴᠢᠩᠭ᠎ᠠ ᠬᠠᠤᠯᠢᠵᠢᠯ ᠤᠨ ᠪᠠᠲᠤᠯᠠᠭ᠎ᠠ ᠬᠠᠩᠭᠠᠵᠤ᠂ ᠴᠢᠩᠱᠠᠨ ᠲᠣᠭᠤᠷᠢᠭ ᠤᠨ | ᠣᠨᠴᠠᠯᠢᠭ ᠲᠠᠢ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠨ᠎ᠡ ᠠᠷᠭ᠎ᠠ ᠵᠠᠮ ᠢ ᠨᠡᠭᠡᠭᠡᠨ᠎ᠡ᠃ | ᠨᠢᠭᠡ᠂ ᠡᠶᠡᠳᠡᠭᠦᠯᠭᠡ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠦᠢᠯᠡᠴᠢᠯᠡᠭᠡᠨ ᠤ ᠲᠠᠪᠴᠠᠩ ᠢ ᠪᠣᠶ | ᠪᠣᠯᠭᠠᠨ᠎ᠠ | ᠶᠡᠷᠦᠩᠬᠡᠢᠯᠡᠨ ᠵᠠᠰᠠᠬᠤ ᠲᠥᠪ ᠲᠠᠢ ᠨᠢᠭᠲᠠ ᠬᠠᠮᠵᠢᠯᠴᠠᠵᠤ ︽1+ N︾ ᠡᠶᠡᠳᠡᠭᠦᠯᠭᠡ ᠶᠢᠨ ᠠᠵᠢᠯ ᠤᠨ | ᠵᠢᠭᠰᠠᠭᠠᠯ ᠪᠠᠢᠭᠤᠯᠤᠨ᠎ᠠ᠃ ᠲᠣᠭᠤᠷᠢᠭ ᠤᠨ ᠶᠡᠷᠦᠩᠬᠡᠶᠢᠯᠡᠨ ᠵᠠᠰᠠᠬᠤ ᠲᠥᠪ ᠲᠤ ᠠᠷᠠᠳ ᠤᠨ ᠡᠶᠡᠳᠡᠭᠦᠯᠬᠦ ᠠᠵᠢᠯ ᠤᠨ | ᠲᠠᠰᠤᠭ ᠪᠠᠶᠢᠭᠤᠯᠵᠤ᠂ ᠣᠷᠤᠭ ᠬᠤᠷᠢᠮ ᠤᠨ ᠬᠡᠷ ᠪᠦᠯᠢ᠂ ᠬᠥᠳᠡᠯᠮᠦᠷᠢ ᠶᠢᠨ ᠮᠠᠷᠭᠤᠯᠳᠤᠭᠠᠨ᠂ ᠠᠳᠠᠯ ᠠᠬᠤᠶ ᠶᠢᠨ | ᠵᠢᠭᠤᠷᠠᠯᠳᠤᠭᠠᠨ ᠵᠡᠷᠭᠡ ᠲᠤᠰᠬᠠᠶ ᠮᠡᠷᠭᠡᠵᠢᠯ ᠤᠨ ᠴᠢᠨᠠᠷᠲᠠᠶ ᠠᠵᠢᠯ ᠲᠥᠷᠥᠯ ᠤᠨ ᠡᠶᠡᠳᠡᠭᠦᠯᠬᠦ ᠺᠣᠮᠢᠰ ᠢ ᠨᠢᠭᠡᠳᠦᠯᠲᠡᠶ | ᠲᠥᠯᠥᠪᠯᠡᠨ ᠲᠣᠮᠢᠯᠠᠵᠤ᠂ ᠨᠡᠷ᠎ᠡ ᠬᠦᠨᠳᠦᠲᠦ ᠲᠤᠰᠬᠠᠶ ᠲᠤᠰᠢᠶᠠᠯᠲᠤ ᠠᠷᠠᠳ ᠤᠨ ᠡᠶᠡᠳᠡᠭᠦᠯᠦᠭᠴᠢ ᠲᠣᠬᠢᠷᠠᠭᠤᠯᠤᠨ᠎ᠠ᠃ | ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠠᠪᠴᠠᠩ ᠢ ᠪᠠᠶᠢᠭᠤᠯᠵᠤ᠂ ᠲᠣᠣᠷᠵᠢᠭᠤᠯᠤᠭᠰᠠᠨ ᠬᠠᠮᠢᠶᠠᠷᠤᠯᠲᠠ ᠶᠢᠨ | ᠰᠢᠰᠲ᠋ᠧᠮ ᠯᠤᠭ᠎ᠠ ᠲᠤᠭ᠎ᠠ ᠪᠠᠷᠢᠮᠲᠠ ᠶᠢ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠵᠦ᠂ ᠡᠯ᠎ᠡ ᠲᠦᠷᠦᠯ ᠤᠨ ᠵᠥᠷᠢᠴᠡᠯ | ᠵᠢᠭᠤᠷᠠᠯᠳᠤᠭᠠᠨ ᠢ ᠡᠷᠲᠡ ᠢᠯᠡᠷᠡᠭᠦᠯᠬᠦ᠂ ᠡᠷᠲᠡ ᠣᠷᠣᠯᠴᠠᠬᠤ᠂ ᠡᠷᠲᠡ ᠨᠠᠮᠳᠠᠭᠤᠯᠬᠤ ᠶᠢ ᠦᠨᠡᠨ ᠬᠦ ᠪᠠᠲᠤᠯᠠᠵᠤ᠂ | ᠵᠥᠷᠢᠴᠡᠯ ᠵᠢᠭᠤᠷᠠᠯᠳᠤᠭᠠᠨ ᠢ ᠬᠥᠳᠡᠯᠦᠩᠭᠦᠶ ᠪᠠᠷ ᠤᠷᠢᠳᠴᠢᠯᠠᠨ ᠰᠡᠷᠡᠮᠵᠢᠯᠡᠭᠦᠯᠬᠦ᠂ ᠨᠠᠷᠢᠯᠢᠭ ᠤᠨᠤᠪᠴᠢᠲᠠᠢ | ᠰᠢᠢᠳᠪᠦᠷᠢᠯᠡᠬᠦ ᠶᠢ ᠪᠡᠶᠡᠯᠡᠭᠦᠯᠦᠨ᠎ᠡ᠃ | ᠬᠤᠶᠠᠷ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠡᠶᠡᠳᠡᠭᠦᠯᠭᠡ ᠶᠢᠨ ᠶᠠᠰᠤ ᠴᠢᠨᠠᠷ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ | ᠨᠢᠭᠡ ᠳᠤ ︽ᠬᠠᠮᠲᠤᠷᠠᠨ ᠡᠶᠡᠳᠡᠭᠦᠯᠬᠦ ᠭᠠᠵᠠᠷ︾ ᠤᠨ ᠲᠣᠭᠲᠠᠴᠠ᠂ ᠬᠦᠨᠳᠦ ᠶᠡᠭᠡ ᠬᠦᠴᠢᠷ ᠲᠦᠪᠡᠭᠲᠡᠶ ᠨᠠᠷᠢᠨ | ᠪᠤᠳᠤᠯᠢᠶᠠᠨᠲᠠᠶ ᠵᠢᠭᠤᠷᠠᠯᠳᠤᠭᠠᠨ ᠳᠤ ᠴᠢᠭᠯᠡᠭᠦᠯᠦᠨ᠂ ᠶᠡᠷᠦᠩᠬᠡᠶᠢᠯᠡᠨ ᠵᠠᠰᠠᠬᠤ ᠲᠥᠪ᠂ ᠳᠣᠲᠣᠭᠠᠳᠤ ᠶᠢ ᠬᠠᠮᠠᠭᠠᠯᠠᠬᠤ᠂ | ᠬᠠᠤᠯᠢ ᠴᠠᠭᠠᠵᠠ᠂ ᠵᠠᠬᠢᠳᠠᠯ ᠰᠤᠷᠪᠤᠯᠵᠢᠯᠠᠭ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ | ᠬᠠᠮᠲᠤᠷᠠᠨ ᠡᠶᠡᠳᠡᠭᠦᠯᠬᠦ ᠠᠵᠢᠯ ᠢ ᠥᠷᠨᠢᠭᠦᠯᠵᠦ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠨ᠎ᠠ︔ ᠬᠤᠶᠠᠷ ᠲᠤ | ︽ᠰᠠᠯᠭᠠᠨ ᠲᠣᠮᠢᠯᠠᠬᠤ︾ ᠲᠣᠭᠲᠠᠴᠠ᠂ ᠶᠡᠷᠦᠩᠬᠡᠶᠢᠯᠡᠨ ᠵᠠᠰᠠᠬᠤ ᠲᠥᠪ ᠠᠴᠠ ᠴᠤᠭᠯᠠᠭᠤᠯᠤᠭᠰᠠᠨ ᠵᠥᠷᠢᠴᠡᠯ | ᠵᠢᠭᠤᠷᠠᠯᠳᠤᠭᠠᠨ ᠤ ᠮᠡᠳᠡᠭᠡ ᠵᠠᠩᠭᠢ ᠶᠢ ᠲᠥᠷᠥᠯ ᠬᠤᠪᠢᠶᠠᠨ ᠡᠮᠬᠢᠯᠡᠵᠦ᠂ ᠵᠢᠭᠤᠷᠠᠯᠳᠤᠭᠠᠨ ᠤ ᠲᠥᠷᠥᠯ ᠬᠡᠯᠪᠡᠷᠢ ᠪᠠ | ᠰᠢᠨᠵᠢ ᠴᠢᠨᠠᠷ ᠢ ᠦᠨᠳᠦᠰᠦᠯᠡᠨ᠂ ᠵᠣᠬᠢᠴᠠᠩᠭᠤᠶ ᠠᠷᠠᠳ ᠤᠨ ᠡᠶᠡᠳᠡᠭᠦᠯᠭᠡ ᠶᠢᠨ ᠵᠣᠬᠢᠶᠠᠨ ᠪᠠᠶᠢᠭᠤᠯᠤᠯᠲᠠ ᠪᠤᠶᠤ | ᠡᠶᠡᠳᠡᠭᠦᠯᠬᠦ ᠠᠵᠢᠯᠲᠠᠨ ᠢ ᠴᠠᠭ ᠲᠤᠬᠠᠶ ᠳᠤᠨᠢ ᠲᠣᠮᠢᠯᠠᠵᠤ ᠡᠶᠡᠳᠡᠭᠦᠯᠦᠨ᠎ᠡ︔ ᠭᠤᠷᠪᠠ ᠳᠤ᠂ ︽ᠮᠥᠷᠳᠡᠨ ᠬᠠᠷᠢᠭᠤ | ᠰᠤᠷᠪᠤᠯᠵᠢᠯᠠᠬᠤ︾ ᠲᠣᠭᠲᠠᠴᠠ ᠶᠢ ᠪᠠᠶᠢᠭᠤᠯᠵᠤ᠂ ᠨᠢᠭᠡᠨᠲᠡ ᠬᠡᠷᠡᠭ ᠢ ᠳᠠᠭᠤᠰᠬᠠᠭᠰᠠᠨ ᠬᠡᠷᠡᠭ ᠲᠤ ︽ᠡᠷᠭᠢᠵᠦ ᠦᠵᠡᠬᠦ︾ | ᠠᠵᠢᠯ ᠢ ᠥᠷᠨᠢᠭᠦᠯᠵᠦ᠂ ᠡᠯᠧᠺᠲᠷᠤᠨ ᠲᠠᠩᠰᠠ ᠡᠪᠬᠡᠮᠡᠯ ᠤᠨ ᠬᠥᠳᠡᠯᠦᠩᠭᠦᠶ ᠮᠥᠷᠳᠡᠯᠲᠡ ᠶᠢ ᠪᠠᠶᠢᠭᠤᠯᠵᠤ᠂ | ᠡᠶᠡᠳᠡᠭᠦᠯᠦᠭᠡᠳ ᠠᠮᠵᠢᠯᠲᠠ ᠣᠯᠤᠭᠰᠠᠨ ᠵᠢᠭᠤᠷᠠᠯᠳᠤᠭᠠᠨ ᠢ ᠲᠣᠭᠲᠠᠮᠠᠯ ᠬᠤᠭᠤᠴᠠᠭ᠎ᠠ ᠲᠠᠢ ᠪᠠᠷ ᠬᠠᠷᠢᠭᠤ | ᠰᠤᠷᠪᠤᠯᠵᠢᠯᠠᠵᠤ᠂ ᠡᠶᠡᠳᠡᠭᠦᠯᠭᠡ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠵᠢᠭᠤᠷᠠᠯᠳᠤᠭᠠᠨ ᠤ ᠳᠠᠬᠢᠨ ᠡᠭᠦᠰᠬᠦ ᠶᠢ | ᠰᠡᠷᠭᠡᠶᠢᠯᠡᠨ᠎ᠡ᠃ | ᠭᠤᠷᠪᠠ᠂ ᠵᠥᠷᠢᠴᠡᠯ ᠵᠢᠭᠤᠷᠠᠯᠳᠤᠭᠠᠨ ᠢ ᠠᠷᠢᠯᠭᠠᠵᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠨ᠎ᠠ | ᠠᠷᠠᠳ ᠤᠨ ᠡᠶᠡᠳᠡᠭᠦᠯᠬᠦ ᠠᠵᠢᠯ ᠶᠡᠷᠦᠩᠬᠡᠶᠢᠯᠡᠨ ᠵᠠᠰᠠᠬᠤ ᠲᠥᠪ ᠲᠤ ᠣᠷᠣᠭᠰᠠᠨ ᠠᠴᠠ ᠨᠠᠭᠠᠰᠢ᠂ ᠵᠥᠷᠢᠴᠡᠯ | ᠵᠢᠭᠤᠷᠠᠯᠳᠤᠭᠠᠨ ᠢ ᠠᠮᠵᠢᠯᠲᠠ ᠲᠠᠢ ᠪᠠᠷ ᠣᠯᠠᠨ ᠤᠳᠠᠭ᠎ᠠ ᠰᠢᠢᠳᠪᠦᠷᠢᠯᠡᠪᠡ᠃ ᠨᠢᠭᠡᠨ ᠭᠡᠷ ᠪᠠᠶᠢᠰᠢᠩ | ᠲᠦᠷᠢᠶᠡᠰᠦᠯᠡᠭᠦᠯᠬᠦ ᠵᠢᠭᠤᠷᠠᠯᠳᠤᠭᠠᠨ ᠢ ᠰᠢᠢᠳᠪᠦᠷᠢᠯᠡᠬᠦ ᠦᠶᠡᠳᠤ ᠬᠤᠶᠠᠷ ᠡᠲᠡᠭᠡᠳ ᠤᠨ ᠵᠥᠷᠢᠴᠡᠯ ᠬᠤᠷᠴᠠ | ᠰᠢᠷᠦᠭᠦᠨ ᠪᠠᠶᠢᠵᠤ᠂ ᠬᠠᠤᠯᠢ ᠴᠠᠭᠠᠵᠠ ᠶᠢᠨ ᠲᠣᠪᠴᠢᠶ᠎ᠠ ᠶᠢᠨ ᠶᠡᠷᠦᠩᠬᠡᠶᠢᠯᠡᠨ ᠵᠠᠰᠠᠬᠤ ᠲᠥᠪ ᠲᠤ ᠰᠠᠭᠤᠭ᠎ᠠ | ᠠᠷᠠᠳ ᠤᠨ ᠡᠶᠡᠳᠡᠭᠦᠯᠦᠭᠴᠢ ᠵᠢᠭᠤᠷᠠᠯᠳᠤᠭᠠᠨ ᠤ ᠮᠡᠳᠡᠭᠡ ᠵᠠᠩᠭᠢ ᠶᠢ ᠣᠯᠤᠭᠰᠠᠨ ᠤ ᠳᠠᠷᠠᠭ᠎ᠠ᠂ ᠲᠡᠷᠡ ᠳᠠᠷᠤᠶ ᠳᠤᠨᠢ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠲᠠᠢ ᠬᠠᠮᠲᠤᠷᠠᠨ | ᠡᠶᠡᠳᠡᠭᠦᠯᠬᠦ ᠠᠵᠢᠯ ᠢ ᠥᠷᠨᠢᠭᠦᠯᠵᠦ᠂ ᠲᠤᠬᠠᠶ ᠶᠢᠨ ᠭᠠᠵᠠᠷ ᠲᠤᠨᠢ ᠬᠠᠶᠢᠨ ᠪᠠᠶᠢᠴᠠᠭᠠᠬᠤ᠂ ᠮᠠᠲ᠋ᠧᠷᠢᠶᠠᠯ ᠪᠠᠶᠢᠴᠠᠭᠠᠨ | ᠦᠵᠡᠬᠦ᠂ ᠬᠦᠯᠢᠴᠡᠩᠭᠦᠶ ᠪᠠᠷ ᠵᠢᠯᠣᠭᠤᠳᠤᠨ ᠰᠢᠢᠳᠪᠦᠷᠢᠯᠡᠬᠦ ᠪᠠᠷ ᠳᠠᠮᠵᠢᠭᠤᠯᠤᠨ᠂ ᠡᠴᠦᠰ ᠲᠡᠭᠡᠨ ᠬᠤᠶᠠᠷ ᠲᠠᠯ᠎ᠠ ᠶᠢᠨ | ᠡᠶᠡᠳᠡᠭᠦᠯᠭᠡ ᠶᠢ ᠠᠬᠢᠭᠤᠯᠵᠤ᠂ ᠡᠨᠡ ᠬᠦ ᠵᠢᠭᠤᠷᠠᠯᠳᠤᠭᠠᠨ ᠢ ᠠᠮᠵᠢᠯᠲᠠ ᠲᠠᠢ ᠪᠠᠷ ᠠᠷᠢᠯᠭᠠᠪᠠ᠃ ᠨᠢᠭᠡ ᠤᠳᠠᠭᠠᠨ ᠤ | ᠬᠥᠳᠡᠯᠮᠦᠷᠢ ᠶᠢᠨ ᠮᠠᠷᠭᠤᠯᠳᠤᠭᠠᠨ ᠢ ᠰᠢᠢᠳᠪᠦᠷᠢᠯᠡᠬᠦ ᠦᠶ᠎ᠡ ᠳᠤ᠂ ᠠᠷᠠᠳ ᠤᠨ ᠡᠶᠡᠳᠡᠭᠦᠯᠦᠭᠴᠢ ᠲᠤᠰᠬᠠᠶ | ᠮᠡᠷᠭᠡᠵᠢᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ | ᠲᠣᠭᠲᠠᠭᠠᠯ ᠢ ᠦᠨᠳᠦᠰᠦᠯᠡᠨ᠂ ᠬᠤᠶᠠᠷ ᠡᠲᠡᠭᠡᠳ ᠤᠨ ᠲᠤᠬᠠᠶ ᠶᠢᠨ ᠬᠥᠮᠦᠨ ᠳᠤ ᠨᠠᠷᠢᠨ ᠵᠠᠳᠠᠯᠤᠯᠲᠠ ᠪᠠ ᠲᠠᠶᠢᠯᠤᠮᠵᠢ | ᠬᠢᠵᠦ᠂ ᠣᠯᠠᠨ ᠡᠭᠡᠯᠵᠢ ᠶᠢᠨ ᠡᠶᠡᠳᠡᠭᠦᠯᠭᠡ ᠪᠠᠷ ᠳᠡᠮᠵᠢᠨ᠂ ᠬᠤᠶᠠᠷ ᠡᠲᠡᠭᠡᠳ ᠢᠶᠠᠷ ᠢᠶᠠᠨ ᠡᠴᠦᠰ ᠲᠡᠭᠡᠨ | ᠡᠶᠡᠳᠡᠭᠦᠯᠭᠡ ᠶᠢᠨ ᠬᠡᠯᠡᠯᠴᠡᠭᠡᠷ ᠲᠣᠭᠲᠠᠪᠠ᠃ ᠠᠷᠠᠳ ᠤᠨ ᠡᠶᠡᠳᠡᠭᠦᠯᠦᠭᠴᠢ ᠶᠡᠷᠦᠩᠬᠡᠶᠢᠯᠡᠨ ᠵᠠᠰᠠᠬᠤ ᠲᠥᠪ ᠲᠤ | ᠴᠢᠬᠤᠯᠠ ᠦᠢᠯᠡᠳᠦᠯ ᠦᠵᠡᠭᠦᠯᠵᠦ᠂ 2024 ᠣᠨ ᠠᠴᠠ ᠨᠠᠭᠠᠰᠢ᠂ 1771 ᠬᠡᠷᠡᠭ ᠢ ᠠᠮᠵᠢᠯᠲᠠ ᠲᠠᠢ | ᠡᠶᠡᠳᠡᠭᠦᠯᠦᠭᠡᠳ ᠠᠮᠵᠢᠯᠲᠠ ᠣᠯᠤᠭᠰᠠᠨ ᠨᠣᠷᠮ᠎ᠠ ᠨᠢ 98.6% ᠳᠤ ᠬᠦᠷᠴᠡᠶ᠃ | ᠢᠷᠡᠭᠡᠳᠦᠢ ᠳᠤ᠂ ᠴᠢᠩᠱᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ︽ᠠᠷᠠᠳ ᠤᠨ | ᠡᠶᠡᠳᠡᠭᠦᠯᠭᠡ + ᠶᠡᠷᠦᠩᠬᠡᠶᠢᠯᠡᠨ ᠵᠠᠰᠠᠬᠤ ᠲᠥᠪ︾ ᠤᠨ ᠠᠵᠢᠯ ᠤᠨ ᠵᠠᠭᠪᠤᠷ ᠢ ᠦᠷᠭᠦᠯᠵᠢᠯᠡᠨ ᠭᠦᠨᠵᠡᠭᠡᠶᠢᠷᠡᠭᠦᠯᠵᠦ᠂ | ᠡᠶᠡᠳᠡᠭᠦᠯᠬᠦ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠠᠷᠠᠳ ᠤᠨ ᠡᠶᠡᠳᠡᠭᠦᠯᠭᠡ ᠶᠢᠨ ᠠᠵᠢᠯ ᠤᠨ | ᠶᠡᠷᠦᠩᠬᠡᠶᠢᠯᠡᠨ ᠵᠠᠰᠠᠬᠤ ᠲᠥᠪ ᠲᠤ ᠲᠠᠰᠤᠷᠠᠯᠲᠠ ᠥᠬᠡᠶ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠵᠤ᠂ ᠰᠢᠨ᠎ᠡ | ᠴᠠᠭ ᠦᠶ᠎ᠡ ᠶᠢᠨ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ︽ᠴᠢᠩᠱᠠᠨ ᠤ ᠵᠠᠭᠪᠤᠷ︾ ᠢ ᠬᠦᠴᠦᠯᠡᠨ ᠴᠣᠭᠴᠠᠯᠠᠵᠤ᠂ | ᠨᠠᠩ ᠥᠨᠳᠥᠷ ᠲᠦᠪᠰᠢᠨ ᠪᠥᠬᠦᠶ ᠠᠮᠤᠷ ᠠᠮᠤᠭᠤᠯᠠᠩ ᠴᠢᠩᠱᠠᠨ᠂ ᠬᠠᠤᠯᠢ ᠪᠠᠷ ᠵᠠᠰᠠᠬᠤ ᠴᠢᠩᠱᠠᠨ ᠶᠢ ᠪᠥᠲᠥᠭᠡᠨ | ᠪᠠᠶᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ᠃ | | | | | | | | |