ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ 2025 ᠣᠨ ᠤ 3ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/10
      4 ᠰᠠᠷ᠎ᠠ ᠶᠢᠨ 8᠎ ᠤ ᠡᠳᠦᠷ᠂ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠤ᠂ ︽ᠴᠢᠩᠱᠠᠨ ᠲᠣᠭᠤᠷᠢᠭ ᠤᠨ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ ᠡᠭᠦᠷᠭᠡ ᠶᠢ ᠬᠤᠪᠢᠶᠠᠷᠢᠯᠠᠬᠤ ᠨᠠᠷᠢᠨ ᠲᠠᠩᠰᠠ︾᠂ ︽ᠴᠢᠩᠱᠠᠨ ᠲᠣᠭᠤᠷᠢᠭ ᠤᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠳᠠᠯᠠᠨ ᠬᠠᠷ᠎ᠠ ᠠᠭᠤᠯᠠ ᠶᠢᠨ ᠡᠮᠦᠨ᠎ᠡ ᠪᠠᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠲᠥᠷᠥᠯ ᠵᠦᠢᠯ ᠤᠨ ᠬᠡᠷᠡᠭᠵᠢᠭᠦᠯᠬᠦ ᠲᠥᠰᠦᠯ︾᠎ ᠢ ᠰᠤᠳᠤᠯᠤᠨ ᠬᠢᠨᠠᠨ ᠵᠥᠪᠯᠡᠵᠦ᠂ ᠴᠢᠩᠱᠠᠨ ᠲᠣᠭᠤᠷᠢᠭ ᠤᠨ ᠠᠳᠠᠯ ᠠᠬᠤᠶ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠳᠡᠭᠡᠭᠰᠢᠯᠡᠭᠦᠯᠬᠦ ᠣᠨ ᠤ ᠠᠵᠢᠯᠯᠠᠭ᠎ᠠ ᠶᠢᠨ ᠠᠵᠢᠯ ᠤᠨ ᠬᠠᠷᠢᠭᠤ ᠮᠡᠳᠡᠭᠦᠯᠦᠯᠲᠡ ᠵᠡᠷᠭᠡ ᠬᠤᠯᠪᠣᠭᠳᠠᠯ ᠪᠥᠬᠦᠶ ᠵᠦᠢᠯᠡᠰ ᠢ ᠰᠣᠨᠣᠰᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠶᠦᠨ ᠰᠢ ᠬᠤᠷᠠᠯ ᠢ ᠡᠷᠭᠢᠯᠡᠪᠡ᠃      ᠬᠤᠷᠠᠯ ᠠᠴᠠ᠂ ︽ᠴᠢᠩᠱᠠᠨ ᠲᠣᠭᠤᠷᠢᠭ ᠤᠨ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ ᠡᠭᠦᠷᠭᠡ ᠶᠢ ᠬᠤᠪᠢᠶᠠᠷᠢᠯᠠᠬᠤ ᠨᠠᠷᠢᠨ ᠲᠠᠩᠰᠠ︾᠎ ᠶᠢ ᠨᠠᠶᠢᠷᠠᠭᠤᠯᠤᠨ ᠵᠣᠬᠢᠶᠠᠵᠤ ᠬᠡᠷᠡᠭᠵᠢᠭᠦᠯᠬᠦ ᠪᠣᠯ ᠲᠥᠪ ᠤᠨ 1 ᠳ᠋ᠦ᠋ᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ ᠭᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠠᠴᠠ᠂ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠬᠦᠴᠦᠯᠡᠨ ᠪᠦᠷᠢᠨᠰᠢᠬᠦᠯᠵᠦ᠂ ᠬᠥᠳᠡᠭᠡ ᠲᠣᠰᠬᠤᠨ ᠤ ᠠᠵᠤ ᠦᠢᠯᠡᠰ ᠢ ᠶᠡᠬᠡᠪᠡᠷ ᠪᠤᠶᠢᠵᠢᠭᠤᠯᠤᠨ ᠲᠡᠳᠬᠦᠵᠦ᠂ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ᠂ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃      ᠬᠤᠷᠠᠯ ᠠᠴᠠ᠂ ︽ᠴᠢᠩᠱᠠᠨ ᠲᠣᠭᠤᠷᠢᠭ ᠤᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠳᠠᠯᠠᠨ ᠬᠠᠷ᠎ᠠ ᠠᠭᠤᠯᠠ ᠶᠢᠨ ᠡᠮᠦᠨ᠎ᠡ ᠪᠠᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠲᠦᠷᠦᠯ ᠵᠦᠢᠯ ᠤᠨ ᠬᠡᠷᠡᠭᠵᠢᠭᠦᠯᠬᠦ ᠲᠥᠰᠦᠯ︾᠎ ᠢ ᠲᠣᠭᠲᠠᠭᠠᠨ ᠬᠡᠷᠡᠭᠵᠢᠭᠦᠯᠬᠦ ᠪᠣᠯ ᠣᠷᠣᠨ ᠪᠦᠰᠡ ᠶᠢᠨ ᠠᠮᠢ ᠠᠬᠤᠢ ᠶᠢᠨ ᠰᠢᠰᠲ᠋ᠧᠮ ᠤᠨ ᠴᠢᠳᠠᠮᠵᠢ ᠶᠢ ᠴᠢᠩᠭᠠᠳᠬᠠᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ᠣᠷᠣᠨ ᠪᠦᠰᠡ ᠶᠢᠨ ᠡᠷᠬᠢᠨ ᠲᠣᠭᠤᠷᠢᠨ ᠤ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ᠂ ᠠᠮᠢ ᠠᠬᠤᠢ ᠶᠢᠨ ᠦᠷ᠎ᠡ ᠠᠰᠢᠭ ᠪᠣᠯᠤᠨ ᠠᠵᠤ ᠠᠬᠤᠢ ᠶᠢᠨ ᠦᠷ᠎ᠡ ᠠᠰᠢᠭ ᠤᠨ ᠲᠡᠩᠴᠡᠭᠦᠷᠢ ᠶᠢ ᠪᠡᠶᠡᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠠᠴᠠ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ ᠤᠢᠢᠯᠠᠭᠠᠭᠳᠠᠬᠤᠨ ᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠦᠷᠭᠦᠯᠵᠢᠯᠡᠬᠦ ᠬᠥᠭᠵᠢᠯᠲᠡ ᠶᠢᠨ ᠠᠮᠢ ᠠᠬᠤᠢ ᠶᠢᠨ ᠵᠠᠰᠠᠯᠲᠠ ᠶᠢᠨ ᠰᠢᠨ᠎ᠡ ᠠᠷᠭ᠎ᠠ ᠵᠠᠮ ᠢ ᠰᠦᠪᠡᠭᠴᠢᠯᠡᠵᠦ᠂ ᠭᠠᠵᠠᠷ ᠣᠷᠣᠨ ᠤ ᠨᠣᠭᠤᠭᠠᠷᠠᠭᠤᠯᠤᠯᠲᠠ ᠶᠢᠨ ᠠᠮᠢ ᠠᠬᠤᠢ ᠶᠢᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ ᠥᠷᠭᠡᠳᠬᠡᠬᠦ ᠬᠡᠷᠡᠭᠲᠡᠢ᠃ ᠲᠦᠷᠦᠯ ᠵᠦᠢᠯ ᠤᠨ ᠬᠠᠮᠢᠶᠠᠷᠤᠯᠲᠠ ᠳᠤ ᠪᠦᠬᠦ ᠶᠠᠪᠤᠴᠠ ᠪᠠᠷ ᠣᠷᠣᠯᠴᠠᠵᠤ᠂ ᠲᠦᠷᠦᠯ ᠵᠦᠢᠯ ᠤᠨ ᠪᠠᠷᠢᠯᠭ᠎ᠠ ᠶᠢᠨ ᠶᠠᠰᠤ ᠴᠢᠨᠠᠷ ᠪᠣᠯᠤᠨ ᠠᠬᠢᠴᠠ ᠶᠢᠨ ᠪᠣᠭᠤᠮᠲᠠ ᠶᠢ ᠰᠠᠶᠢᠲᠤᠷ ᠠᠳᠬᠤᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠵᠤ᠂ ᠡᠬᠡ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠦᠨᠡᠨᠬᠦ ᠪᠠᠬᠢᠵᠢᠭᠦᠯᠬᠦ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃      ᠬᠤᠷᠠᠯ ᠠᠴᠠ᠂ ᠴᠢᠩᠱᠠᠨ ᠲᠣᠭᠤᠷᠢᠭ ᠤᠨ ᠠᠳᠠᠯ ᠠᠬᠤᠢ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠳᠡᠭᠡᠭᠰᠢᠯᠡᠭᠦᠯᠬᠦ ᠣᠨ ᠤ ᠠᠵᠢᠯᠯᠠᠭ᠎ᠠ ᠶᠢ ᠥᠷᠨᠢᠭᠦᠯᠬᠦ ᠪᠣᠯ ᠬᠤᠳᠠ ᠶᠢᠨ ᠨᠡᠶᠢᠭᠡᠮ ᠲᠣᠭᠤᠷᠢᠭ ᠤᠨ ︽ᠬᠠᠮᠲᠤᠪᠠᠷ ᠵᠠᠰᠠᠬᠤ᠂ ᠬᠠᠮᠲᠤᠪᠠᠷ ᠪᠠᠶᠢᠭᠤᠯᠬᠤ᠂ ᠬᠠᠮᠲᠤᠪᠠᠷ ᠡᠳ᠋ᠯᠡᠬᠦ︾ ᠰᠢᠨ᠎ᠡ ᠪᠠᠶᠢᠷᠢᠰᠢᠯ ᠢ ᠪᠤᠢ ᠪᠣᠯᠭᠠᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ᠠᠳᠠᠯ ᠠᠬᠤᠢ ᠶᠢᠨ ᠬᠠᠮᠢᠶᠠᠷᠤᠯᠲᠠ ᠶᠢᠨ ᠦᠢᠯᠡᠴᠢᠯᠡᠭᠡ ᠶᠢ ᠨᠡᠶᠢᠭᠡᠮᠴᠢᠯᠡᠬᠦ᠂ ᠬᠠᠤᠯᠢᠵᠢᠭᠤᠯᠬᠤ᠂ ᠵᠠᠬ᠎ᠠ ᠳᠡᠯᠭᠡᠭᠦᠷᠴᠢᠯᠡᠬᠦ᠂ ᠲᠤᠰᠬᠠᠶᠢᠵᠢᠭᠤᠯᠬᠤ ᠲᠦᠪᠰᠢᠨ ᠢ ᠴᠢᠨᠠᠭᠰᠢᠳᠠ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠠᠴᠠ᠂ ︽ᠬᠤᠭ ᠨᠣᠪᠰᠢ ᠡᠯᠳᠡᠪ ᠪᠣᠳᠠᠰ ᠢ ᠳᠤᠷ᠎ᠠ ᠪᠠᠷ ᠬᠠᠶᠠᠬᠤ ᠦᠭᠡᠢ︾ ᠵᠠᠷᠴᠢᠮ ᠶᠣᠰᠣᠭᠠᠷ᠂ ᠵᠡᠭᠡᠯᠢ ᠪᠠᠯᠭᠠᠰᠤ ᠶᠢᠨ ᠭᠤᠤᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠣᠤᠷᠵᠢᠭᠤᠯᠤᠨ ᠵᠠᠰᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠵᠠᠩᠭᠢᠯᠠᠭ᠎ᠠ ᠶᠢᠨ ᠪᠠᠭ᠎ᠠ ᠶᠠᠪᠤᠳᠠᠯ︾᠎ ᠢ ᠰᠢᠢᠳᠪᠦᠷᠢᠯᠡᠬᠦ ᠪᠠᠷ ︽ᠠᠷᠠᠳ ᠤᠨ ᠠᠮᠢᠳᠤᠷᠠᠯ ᠤᠨ ᠶᠡᠭᠡ ᠶᠠᠪᠤᠳᠠᠯ︾᠎ ᠢ ᠬᠠᠮᠠᠭᠠᠯᠠᠬᠤ ᠬᠡᠷᠡᠭᠲᠡᠶ᠃ ᠠᠵᠢᠯ ᠲᠥᠷᠥᠯ ᠤᠨ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠲᠡᠭᠦᠯᠳᠡᠷᠵᠢᠭᠦᠯᠵᠦ᠂ ᠲᠤᠰᠬᠠᠶ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠢ ᠥᠷᠨᠢᠭᠦᠯᠦᠨ᠂ ᠠᠳᠠᠯ ᠠᠬᠤᠶ ᠶᠢᠨ ᠺᠣᠮᠫᠠᠨᠢ ᠪᠠ ᠠᠳᠠᠯ ᠠᠬᠤᠶ ᠶᠢᠨ ᠦᠢᠯᠡᠴᠢᠯᠡᠭᠡᠨ ᠤ ᠠᠵᠢᠯᠲᠠᠨ ᠤ ᠪᠦᠬᠦᠯᠢ ᠴᠣᠭᠴᠠ ᠶᠢᠨ ᠬᠡᠪ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠳᠠᠯ ᠠᠬᠤᠶ ᠶᠢᠨ ᠦᠢᠯᠡᠴᠢᠯᠡᠭᠡᠨ ᠤ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠨᠠᠩ ᠡᠶ᠎ᠡ ᠵᠣᠬᠢᠴᠠᠯ ᠲᠠᠢ ᠪᠥᠭᠡᠳ ᠲᠠᠭᠠᠯᠠᠮᠵᠢᠲᠠᠶ ᠣᠷᠣᠰᠢᠨ ᠰᠠᠭᠤᠬᠤ ᠳᠤ ᠲᠣᠬᠢᠷᠠᠮᠵᠢᠲᠠᠶ ᠴᠢᠩᠱᠠᠨ ᠶᠢ ᠪᠣᠶ ᠪᠣᠯᠭᠠᠬᠤ ᠬᠡᠷᠡᠭᠲᠡᠶ ᠭᠡᠵᠦ ᠱᠠᠭᠠᠷᠳᠠᠭᠰᠠᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号