ᠰᠤᠷᠭᠠᠨ ᠬᠥᠮᠦᠵᠢᠯ ᠤᠨ ᠶᠠᠮᠤᠨ ᠤ ᠵᠣᠬᠢᠶᠠᠨ ᠪᠠᠶᠢᠭᠤᠯᠤᠭᠰᠠᠨ ︽ᠪᠦᠬᠦ ᠤᠯᠤᠰ ᠤᠨ ᠨᠠᠢᠮᠠᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠤᠷᠠᠯᠢᠭ ᠤᠨ ᠦᠵᠡᠭᠦᠯᠦᠯᠭᠡ︾᠎ ᠳᠤ ᠴᠢᠩᠱᠠᠨ ᠲᠣᠭᠤᠷᠢᠭ ᠰᠢᠯᠢᠳᠡᠭ ᠠᠮᠵᠢᠯᠲᠠ ᠣᠯᠵᠠᠢ
ᠨᠡᠶᠢᠲᠡᠯᠡᠭᠰᠡᠨ ᠴᠠᠭ᠄
2025/4/11
      ᠴᠢᠩᠱᠠᠨ ᠲᠣᠭᠤᠷᠢᠭ ᠤᠨ ᠳᠡᠭᠡᠭᠰᠢ ᠮᠡᠳᠡᠭᠦᠯᠦᠭᠰᠡᠨ ᠴᠢᠩᠱᠠᠨ ᠵᠠᠮ ᠤᠨ ᠨᠢᠭᠡᠳᠦᠭᠡᠷ ᠪᠠᠭ᠎ᠠ ᠰᠤᠷᠭᠠᠭᠤᠯᠢ ᠶᠢᠨ ︽ᠮᠢᠨᠦ ᠥᠩᠭᠡ︾ ᠰᠢ ᠵᠦᠴᠦᠭᠡ ᠶᠢᠨ ᠲᠥᠷᠥᠯ ᠤᠨ ᠫᠷᠤᠭ᠍ᠷᠠᠮ  ᠬᠤᠶᠠᠳᠤᠭᠠᠷ ᠳᠡᠰ ᠤᠨ ᠱᠠᠩᠨᠠᠯ ᠬᠦᠷᠲᠡᠵᠦ᠂ ᠴᠢᠩᠱᠠᠨ ᠵᠠᠮ ᠤᠨ ᠵᠢᠷᠭᠤᠳᠤᠭᠠᠷ ᠪᠠᠭ᠎ᠠ ᠰᠤᠷᠭᠠᠭᠤᠯᠢ ᠶᠢᠨ ︽ᠮᠢᠨᠤ ᠲᠡᠮᠦᠷ ᠵᠠᠮ ᠤᠨ ᠬᠥᠬᠡ ᠵᠡᠭᠦᠳᠦ︾ ᠪᠥᠵᠢᠭ ᠤᠨ ᠲᠥᠷᠥᠯ ᠤᠨ ᠫᠷᠤᠭ᠍ᠷᠠᠮ ᠭᠤᠷᠪᠠᠳᠤᠭᠠᠷ ᠳᠡᠰ ᠤᠨ ᠱᠠᠩᠨᠠᠯ ᠢ ᠭᠥᠷᠳᠡᠵᠦ᠂ ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠪᠥᠬᠦ ᠤᠯᠤᠰ ᠤᠨ ᠳᠣᠯᠣᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠤᠷᠠᠯᠢᠭ ᠤᠨ ᠨᠠᠶᠢᠷ ᠤᠨ ᠦᠵᠡᠭᠦᠯᠦᠯᠭᠡ ᠶᠢᠨ ᠲᠣᠭᠯᠠᠯᠲᠠ ᠨᠢ ᠳᠠᠬᠢᠨᠲᠠ ᠰᠢᠯᠢᠳᠡᠭ ᠬᠢᠷᠢ ᠪᠦᠲᠦᠮᠵᠢ ᠣᠯᠵᠤ᠂ ᠪᠥᠬᠦ ᠬᠤᠲᠠ ᠶᠢᠨ ᠱᠠᠩᠨᠠᠯ ᠣᠯᠤᠭᠰᠠᠨ ᠶᠡᠷᠦᠩᠬᠡᠶ ᠲᠣᠭᠠᠨ ᠤ 50%᠎ ᠶᠢ ᠡᠵᠡᠯᠡᠪᠡ᠃ ᠣᠶᠢᠷ᠎ᠠ ᠶᠢᠨ ᠵᠢᠯ ᠤᠳ ᠲᠤ᠂ ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠃ ᠨᠢᠭᠡ ᠳᠤ ︽ᠲᠦᠭᠡᠮᠡᠯᠵᠢᠭᠦᠯᠬᠦ ᠴᠢᠨᠠᠷ᠂ ᠣᠯᠠᠨ ᠶᠠᠩᠵᠤᠲᠤ ᠴᠢᠨᠠᠷ᠂ ᠪᠦᠬᠦᠯᠢ ᠴᠣᠭᠴᠠᠲᠤ ᠴᠢᠨᠠᠷ︾᠎ ᠤᠨ ᠠᠵᠢᠯ ᠤᠨ ᠵᠠᠷᠴᠢᠮ ᠢ ᠢᠮᠠᠭᠲᠠ ᠪᠡᠷᠢᠮᠲᠠᠯᠠᠪᠠ᠃ ᠭᠤᠸ᠎ᠠ ᠰᠠᠶᠢᠬᠠᠨ ᠤ ᠬᠥᠮᠦᠵᠢᠯ ᠤᠨ ᠰᠢᠰᠲ᠋ᠧᠮ ᠢ ᠲᠠᠰᠤᠷᠠᠯᠲᠠ ᠦᠭᠡᠢ ᠴᠢᠩᠭᠠᠳᠬᠠᠨ ᠰᠠᠶᠢᠵᠢᠷᠠᠭᠤᠯᠵᠤ᠂ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠠᠵᠢᠯᠯᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠸ᠎ᠠ ᠰᠠᠶᠢᠬᠠᠨ ᠤ ᠬᠥᠮᠦᠵᠢᠯ ᠤᠨ ᠠᠵᠢᠯ ᠢ ᠰᠤᠷᠭᠠᠭᠤᠯᠢ ᠶᠢᠨ ᠰᠤᠷᠭᠠᠨ ᠬᠥᠮᠦᠵᠢᠯ ᠤᠨ ᠡᠯ᠎ᠡ ᠰᠤᠷᠤᠯᠭ᠎ᠠ ᠶᠢᠨ ᠱᠠᠲᠤᠨ ᠳᠤ ᠲᠤᠭᠤᠰᠢᠯᠠᠭᠤᠯᠤᠨ᠎ᠠ᠃ ᠬᠤᠶᠠᠷ ᠲᠤ᠂ ᠤᠷᠠᠯᠢᠭ ᠤᠨ ᠰᠤᠷᠭᠠᠨ ᠬᠥᠮᠦᠵᠢᠯ ᠤᠨ ᠰᠠᠭᠤᠷᠢ ᠶᠢ ᠪᠠᠬᠢᠵᠢᠭᠦᠯᠦᠭᠰᠡᠨ ᠤᠷᠢᠲᠠᠯ ᠳᠣᠣᠷ᠎ᠠ᠂ ︽ᠰᠠᠶᠢᠨ ᠢ ᠬᠥᠮᠥᠵᠢᠭᠦᠯᠬᠦ᠂ ᠭᠤᠸ᠎ᠠ ᠰᠠᠶᠢᠬᠠᠨ ᠢᠶᠠᠷ ᠢᠶᠠᠨ ᠳᠤᠮᠳᠠᠳᠤᠴᠤᠳ ᠢ ᠬᠥᠮᠥᠵᠢᠭᠦᠯᠬᠦ᠂ ᠭᠤᠸ᠎ᠠ ᠰᠠᠶᠢᠬᠠᠨ ᠢᠶᠠᠷ ᠢᠷᠭᠡᠳ ᠢ ᠪᠤᠶᠢᠵᠢᠭᠤᠯᠬᠤ︾ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠭᠤᠸ᠎ᠠ ᠰᠠᠶᠢᠬᠠᠨ ᠤ ᠬᠥᠮᠦᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠶᠡᠬᠡᠪᠡᠷ ᠠᠬᠢᠭᠤᠯᠵᠤ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠵᠤ᠂ ᠰᠣᠶᠣᠯ ᠤᠨ ᠢᠲᠡᠭᠡᠯ ᠢ ᠳᠡᠭᠡᠭᠰᠢᠯᠡᠭᠦᠯᠦᠨ᠎ᠡ᠃ ᠭᠤᠷᠪᠠ ᠳᠤ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠬᠤᠲᠠ ᠶᠢᠨ ᠱᠠᠲᠤᠨ ᠤ ᠵᠢᠯ ᠪᠦᠷᠢ ᠤᠷᠠᠯᠢᠭ ᠤᠨ ᠦᠵᠡᠭᠦᠯᠦᠯᠭᠡ ᠶᠢᠨ ᠲᠣᠭᠯᠠᠯᠲᠠ ᠶᠢᠨ ᠠᠵᠢᠯᠯᠠᠭ᠎ᠠ ᠡᠷᠬᠢᠯᠡᠭᠰᠡᠨ ᠰᠠᠭᠤᠷᠢᠨ ᠳᠡᠭᠡᠷ᠎ᠡ᠂ ᠴᠢᠩᠱᠠᠨ ᠲᠣᠭᠤᠷᠢᠭ ᠤᠨ ᠪᠡᠶ᠎ᠡ ᠪᠠᠨ ᠳᠠᠭᠠᠭᠠᠵᠤ ᠨᠢᠭᠡ ᠵᠢᠯ ᠳᠤ ᠨᠢᠭᠡ ᠤᠳᠠᠭ᠎ᠠ ᠪᠦᠬᠦ ᠲᠤᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠤᠷᠠᠯᠢᠭ ᠤᠨ ᠦᠵᠡᠭᠦᠯᠦᠯᠭᠡ ᠶᠢᠨ ᠠᠵᠢᠯᠯᠠᠭ᠎ᠠ ᠶᠢ ᠥᠷᠨᠢᠭᠦᠯᠦᠨ᠎ᠡ᠃ ᠳᠠᠭᠤᠤ ᠬᠥᠭᠵᠢᠮ᠂ ᠤᠷᠠᠨ ᠵᠢᠷᠤᠭ᠂ ᠤᠷᠠᠨ ᠪᠢᠴᠢᠯᠭᠡ ᠵᠡᠷᠭᠡ ᠴᠢᠨᠠᠷ ᠰᠠᠶᠢᠲᠠᠶ ᠤᠷᠠᠯᠢᠭ ᠤᠨ ᠪᠦᠲᠦᠭᠡᠯ ᠲᠠᠰᠤᠷᠠᠯᠲᠠ ᠥᠬᠡᠶ ᠢᠯᠡᠷᠡᠵᠦ᠂ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠠᠵᠢᠯ ᠵᠢᠴᠢ ᠪᠠᠭᠰᠢ ᠰᠤᠷᠤᠭᠴᠢᠳ ᠤᠨ ᠤᠷᠠᠯᠢᠭ ᠤᠨ ᠬᠢᠷᠢ ᠲᠦᠪᠰᠢᠨ ᠪᠥᠬᠦ ᠲᠠᠯ᠎ᠠ ᠪᠠᠷ ᠳᠡᠭᠡᠭᠰᠢᠯᠡᠪᠡ᠃ ᠳᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠤᠪᠴᠢᠶ᠎ᠠ ᠦᠷᠭᠦᠯᠵᠢᠯᠡᠨ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢᠨ ᠲᠣᠭᠤᠷᠢᠨ ᠳᠤ᠂ ︽ᠲᠠᠪᠤᠨ ᠬᠥᠮᠦᠵᠢᠯ ᠢ ᠠᠭᠤᠰᠤᠯᠴᠠᠭᠤᠯᠬᠤ︾᠎ ᠶᠢ ᠭᠦᠨᠵᠡᠭᠡᠶᠢᠷᠡᠭᠦᠯᠵᠦ᠂ ᠭᠤᠸ᠎ᠠ ᠰᠠᠶᠢᠬᠠᠨ ᠤ ᠬᠥᠮᠦᠵᠢᠯ ᠢ ᠲᠦᠭᠡᠮᠡᠯᠵᠢᠭᠦᠯᠬᠦ ᠦᠨᠳᠦᠰᠦᠨ ᠪᠠᠶᠢᠳᠠᠯ ᠢ ︽ᠲᠣᠭᠲᠠᠪᠤᠷᠢᠵᠢᠭᠤᠯᠬᠤ︾ ᠭᠤᠸ᠎ᠠ ᠰᠠᠶᠢᠬᠠᠨ ᠤ ᠬᠥᠮᠦᠵᠢᠯ ᠤᠨ ᠦᠢᠯᠡᠴᠢᠯᠡᠭᠡᠨ ᠤ ᠴᠢᠨᠠᠷ ᠰᠠᠶᠢᠲᠠᠢ ᠰᠠᠭᠤᠷᠢ ᠶᠢ ᠪᠠᠬᠢᠵᠢᠭᠦᠯᠵᠦ᠂ ᠭᠤᠸ᠎ᠠ ᠰᠠᠶᠢᠬᠠᠨ ᠤ ᠬᠥᠮᠦᠵᠢᠯ ᠤᠨ ᠬᠥᠭᠵᠢᠯᠲᠡ ᠶᠢᠨ ᠰᠢᠨ᠎ᠡ ᠴᠢᠭᠯᠡᠯ ᠢ ︽ᠡᠷᠢᠯᠬᠢᠯᠡᠬᠦ︾ ᠭᠤᠸ᠎ᠠ ᠰᠠᠶᠢᠬᠠᠨ ᠤ ᠬᠥᠮᠦᠵᠢᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠬᠤ ᠪᠣᠯᠤᠨ᠎ᠠ᠃  
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号