︽ᠬᠥᠮᠦᠯᠢᠭ ᠶᠣᠰᠣ᠂ ᠲᠦᠭᠡᠮᠡᠯ ᠬᠠᠶᠢᠷ᠎ᠠ᠂ ᠬᠤᠪᠢ ᠨᠡᠮᠡᠷᠢ ᠦᠵᠡᠭᠦᠯᠬᠦ︾ ᠤᠯᠠᠭᠠᠨ ᠵᠠᠭᠠᠯᠮᠠᠶᠢᠲᠠᠨ ᠤ ᠵᠣᠷᠢᠭ | ᠰᠠᠨᠠᠭ᠎ᠠ ᠶᠢ ᠤᠯᠠᠮ ᠨᠢᠭᠡ ᠠᠯᠬᠤᠮ ᠪᠠᠳᠠᠷᠠᠭᠤᠯᠵᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠮᠡᠳᠡᠯᠭᠡ ᠶᠢ | ᠲᠦᠭᠡᠮᠡᠯᠵᠢᠭᠦᠯᠦᠨ᠂ ᠪᠠᠭᠰᠢ ᠰᠤᠷᠤᠭᠴᠢᠳ ᠤᠨ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠪᠠ ᠥᠪᠡᠷ ᠢ ᠪᠠᠨ | ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 4 ᠰᠠᠷ᠎ᠠ ᠶᠢᠨ 10 ᠤ ᠡᠳᠦᠷ᠂ ᠴᠢᠩᠱᠠᠨ | ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠪᠤᠭᠤᠲᠤ ᠶᠢᠨ ᠮᠠᠰᠢᠨ ᠴᠠᠬᠢᠯᠭᠠᠨ ᠤ ᠠᠵᠤ | ᠦᠢᠯᠡᠳᠪᠦᠷᠢ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ 119 ᠪᠠᠭᠰᠢ ᠰᠤᠷᠤᠭᠴᠢᠳ ᠲᠤ ᠲᠦᠷᠭᠡᠨ | ᠠᠪᠤᠷᠠᠭᠴᠢ ᠶᠢᠨ ᠪᠣᠯᠪᠠᠰᠤᠷᠠᠭᠤᠯᠤᠯ ᠥᠷᠨᠢᠭᠦᠯᠪᠡ᠃ | ᠪᠠᠭᠰᠢ ᠨᠠᠷ ᠪᠠᠭᠰᠢ ᠰᠤᠷᠤᠭᠴᠢᠳ ᠲᠤ ᠦᠨᠳᠦᠰᠦᠨ ᠠᠪᠤᠷᠠᠬᠤ ᠮᠡᠳᠡᠯᠭᠡ ᠵᠢᠴᠢ ᠰᠢᠷᠬᠠᠲᠤᠭᠰᠠᠳ ᠢ | ᠲᠦᠷᠭᠡᠨ ᠠᠪᠤᠷᠠᠬᠤ᠂ ᠬᠡᠢ ᠵᠠᠮ ᠤᠨ ᠣᠨᠳᠣᠤ ᠪᠣᠳᠠᠰ ᠤᠨ ᠲᠦᠭᠵᠢᠷᠡᠯ᠂ ᠵᠢᠷᠦᠬᠡ ᠠᠭᠤᠰᠬᠢᠨ ᠤ ᠰᠡᠷᠭᠦᠭᠡᠯᠲᠡ ᠵᠡᠷᠭᠡ | ᠲᠦᠷᠭᠡᠨ ᠠᠪᠤᠷᠠᠬᠤ ᠤᠷ᠎ᠠ ᠴᠢᠳᠠᠪᠤᠷᠢ ᠶᠢ ᠨᠠᠷᠢᠨ ᠲᠠᠶᠢᠯᠪᠤᠷᠢᠯᠠᠵᠤ᠂ ᠲᠤᠬᠠᠢ ᠶᠢᠨ ᠲᠠᠯᠠᠪᠠᠢ ᠳᠤ ᠪᠠᠶᠢᠭ᠎ᠠ | ᠪᠣᠯᠪᠠᠰᠤᠷᠠᠯ ᠳᠤ ᠣᠷᠣᠯᠴᠠᠭᠰᠠᠳ ᠨᠢᠭᠡᠪᠦᠷᠢ ᠳᠤ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠦᠨᠳᠦᠰᠦᠨ ᠮᠡᠳᠡᠯᠭᠡ | ᠪᠣᠯᠤᠨ ᠤᠷ᠎ᠠ ᠴᠢᠳᠠᠪᠤᠷᠢ ᠶᠢ ᠦᠨᠳᠦᠰᠦᠨ ᠳᠡᠭᠡᠨ ᠡᠵᠡᠮᠰᠢᠭᠦᠯᠪᠡ᠃ ᠪᠣᠳᠠᠲᠤ ᠪᠣᠯᠪᠠᠰᠤᠷᠠᠯ ᠤᠨ ᠬᠢᠨᠠᠨ ᠰᠢᠯᠭᠠᠬᠤ | ᠱᠠᠲᠤᠨ ᠳᠤ ᠪᠠᠭᠰᠢ ᠰᠤᠷᠤᠭᠴᠢᠳ ᠴᠥᠮ ᠳᠠᠭᠤᠷᠢᠶᠠᠮᠠᠯ ᠬᠥᠮᠦᠨ ᠤ ᠠᠵᠢᠯᠯᠠᠭᠠᠨ ᠤ ᠬᠢᠨᠠᠨ ᠰᠢᠯᠭᠠᠯᠲᠠ ᠳᠤ | ᠢᠳᠡᠪᠬᠢᠲᠡᠢ ᠣᠷᠣᠯᠴᠠᠪᠠ᠃ ᠪᠠᠭᠰᠢ ᠨᠠᠷ ᠪᠣᠯᠪᠠᠰᠤᠷᠠᠯ ᠳᠤ ᠣᠷᠣᠯᠴᠠᠭᠴᠢ ᠨᠢᠭᠡᠪᠦᠷᠢ ᠶᠢᠨ ᠠᠵᠢᠯᠯᠠᠬᠤ ᠠᠯᠬᠤᠮ | ᠳᠠᠷᠠᠭ᠎ᠠ ᠶᠢ ᠨᠠᠷᠢᠨ ᠨᠢᠮᠪᠠᠢ ᠵᠢᠭᠠᠨ ᠵᠢᠯᠣᠭᠤᠳᠴᠤ᠂ ᠬᠥᠳᠡᠯᠭᠡᠭᠡᠨ ᠢ ᠪᠣᠯᠪᠠᠰᠤᠷᠠᠩᠭᠤᠶ ᠪᠣᠯᠲᠠᠯ᠎ᠠ ᠣᠨᠣᠪᠴᠢᠲᠠᠶ | ᠪᠡᠶᠡᠯᠡᠭᠦᠯᠪᠡ᠃ | ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠠᠮᠵᠢᠭᠤᠯᠤᠨ᠂ ᠪᠠᠭᠰᠢ ᠰᠤᠷᠤᠭᠴᠢᠳ ᠤᠨ ᠭᠡᠨᠡᠳᠲᠡ ᠶᠢᠨ | ᠬᠡᠷᠡᠭ ᠢ ᠠᠷᠭᠠᠴᠠᠬᠤ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠴᠢᠳᠠᠪᠤᠷᠢ ᠶᠢ ᠦᠨᠡᠨᠬᠦ ᠳᠡᠭᠡᠭᠰᠢᠯᠡᠭᠦᠯᠵᠦ᠂ ᠠᠮᠢ | ᠨᠠᠰᠤᠨ ᠤ ᠠᠮᠤᠷ ᠲᠦᠪᠰᠢᠨ ᠢ ᠪᠠᠲᠤᠯᠠᠬᠤ ᠪᠠ ᠭᠡᠨᠡᠳᠲᠡ ᠶᠢᠨ ᠬᠡᠷᠡᠭ ᠢ ᠠᠷᠭᠠᠴᠠᠬᠤ ᠳᠤ ᠪᠠᠲᠤ ᠪᠠᠬᠢ ᠰᠠᠭᠤᠷᠢ ᠶᠢ | ᠲᠠᠯᠪᠢᠭᠰᠠᠨ ᠪᠠᠶᠢᠨ᠎ᠠ᠃ ᠪᠣᠯᠪᠠᠰᠤᠷᠠᠯ ᠳᠤ ᠣᠷᠣᠯᠴᠠᠭᠰᠠᠨ ᠪᠥᠬᠦ ᠬᠥᠮᠦᠰ ᠲᠣᠰ ᠤᠳᠠᠭᠠᠨ ᠤ ᠪᠣᠯᠪᠠᠰᠤᠷᠠᠯ ᠨᠢ | ᠥᠪᠡᠷ ᠤᠨ ᠪᠡᠶ᠎ᠡ ᠳᠡᠭᠡᠨ ᠴᠤ ᠲᠡᠷᠡ᠂ ᠪᠤᠰᠤᠳ ᠬᠥᠮᠦᠨ ᠳᠤ ᠭᠡᠰᠡᠨ ᠥᠬᠡᠶ᠂ ᠣᠲᠣ ᠴᠤ ᠲᠡᠷᠡ᠂ ᠢᠷᠡᠭᠡᠳᠦᠶ ᠳᠤ | ᠴᠤ ᠲᠡᠷᠡ ᠴᠥᠮ ᠮᠠᠰᠢ ᠬᠡᠷᠡᠭᠴᠡᠭᠡ ᠲᠠᠢ᠂ ᠪᠠᠰᠠ ᠰᠤᠷᠤᠭᠰᠠᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ | ᠮᠡᠳᠡᠯᠭᠡ ᠪᠠ ᠤᠷ᠎ᠠ ᠴᠢᠳᠠᠪᠤᠷᠢ ᠪᠠᠨ ᠦᠢᠯᠡᠳᠦᠯᠭᠡ ᠶᠢᠨ ᠳᠤᠮᠳᠠ ᠬᠡᠷᠡᠭᠯᠡᠵᠦ᠂ ᠠᠮᠤᠷ ᠠᠮᠤᠭᠤᠯᠠᠩ ᠡᠶ᠎ᠡ | ᠵᠣᠬᠢᠴᠠᠯ ᠲᠠᠢ ᠰᠤᠷᠭᠠᠭᠤᠯᠢ ᠶᠢᠨ ᠬᠦᠷᠢᠶ᠎ᠡ ᠶᠢ ᠪᠠᠶᠢᠭᠤᠯᠬᠤ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠦᠨ᠎ᠡ | ᠭᠡᠵᠦ ᠢᠯᠡᠳᠬᠡᠵᠡᠭᠡᠪᠡ᠃ | | | | | | |