ᠬᠠᠮᠲᠤ ᠪᠠᠷ ︽ᠮᠣᠳᠣ ᠲᠠᠷᠢᠵᠤ︾ ᠦᠵᠡᠰᠬᠦᠯᠡᠩᠲᠦ ᠰᠠᠶᠢᠬᠠᠨ ᠴᠢᠩᠱᠠᠨ ᠢ ᠪᠦᠲᠦᠭᠡᠨ ᠪᠠᠶᠢᠭᠤᠯᠤᠶ᠎ᠠ︕
ᠨᠡᠶᠢᠲᠡᠯᠡᠭᠰᠡᠨ ᠴᠠᠭ᠄
2025/4/14
      4 ᠰᠠᠷ᠎ᠠ ᠶᠢᠨ 10᠎ ᠤ ᠡᠳᠦᠷ᠂ ᠴᠢᠩᠱᠠᠨ ᠲᠣᠭᠤᠷᠢᠭ ᠤᠨ 2025 ᠣᠨ ᠤ ᠬᠠᠪᠤᠷ ᠤᠨ ᠤᠯᠠᠷᠢᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠠᠯᠠᠨ ᠬᠠᠷ᠎ᠠ ᠠᠭᠤᠯᠠ ᠶᠢᠨ ᠡᠮᠦᠨ᠎ᠡ ᠪᠡᠯ ᠤᠨ ᠲᠦᠷᠦᠯ ᠵᠦᠢᠯ ᠤᠨ ᠣᠷᠣᠨ ᠤ ᠶᠢᠨ ᠵᠢᠶᠠᠩ ᠭᠸᠤ ᠶᠢᠨ ᠪᠠᠷᠠᠭᠤᠨ ᠲᠠᠯ᠎ᠠ ᠳᠤ ᠡᠬᠢᠯᠡᠪᠡ᠃ ᠲᠣᠭᠤᠷᠢᠭ ᠤᠨ ᠳᠥᠷᠪᠡᠨ ᠢᠵᠢ ᠤᠳᠤᠷᠢᠳᠬᠤ ᠪᠠᠭ ᠤᠨ ᠤᠳᠤᠷᠢᠳᠬᠤ ᠺᠠᠳ᠋ᠷ᠂ ᠲᠣᠭᠤᠷᠢᠭ ᠤᠨ ᠬᠠᠷᠢᠶ᠎ᠠ ᠡᠯ᠎ᠡ ᠨᠢᠭᠡᠴᠢ ᠶᠢᠨ ᠺᠠᠳ᠋ᠷ ᠠᠵᠢᠯᠲᠠᠨ ᠠᠵᠢᠯᠴᠢᠨ ᠵᠢᠴᠢ ᠰᠠᠶᠢᠨ ᠳᠤᠷ᠎ᠠ ᠶᠢᠨ ᠠᠵᠢᠯᠯᠠᠭᠰᠠᠳ 150 ᠰᠢᠬᠠᠮ ᠬᠥᠮᠦᠨ ᠠᠯᠪᠠᠨ ᠵᠢᠷᠤᠮ ᠤᠨ ᠮᠣᠳᠣ ᠲᠠᠷᠢᠬᠤ ᠳᠤ ᠣᠷᠣᠯᠴᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠴᠢᠩᠱᠠᠨ ᠲᠣᠭᠤᠷᠢᠭ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠳᠠᠬᠢᠨᠲᠠ ᠰᠢᠨ᠎ᠡ ᠨᠣᠭᠤᠭᠠᠨ ᠥᠩᠭᠡ ᠨᠡᠮᠡᠷᠢᠯᠡᠪᠡ᠃      ᠮᠣᠳᠣ ᠲᠠᠷᠢᠬᠤ ᠲᠤᠬᠠᠢ ᠶᠢᠨ ᠲᠠᠯᠠᠪᠠᠢ ᠳᠤ᠂ ᠤᠯᠠᠨ ᠤ ᠰᠡᠳᠭᠢᠯ ᠦᠨᠳᠦᠷ ᠡᠷᠴᠢ ᠵᠣᠷᠢᠭ ᠲᠡᠭᠦᠯᠳᠡᠷ ᠪᠠᠶᠢᠯ᠎ᠠ᠃ ᠵᠤᠯᠵᠠᠭ᠎ᠠ ᠮᠣᠳᠣᠨ ᠤ ᠡᠳᠡᠭᠡᠷᠡᠯᠲᠡ ᠶᠢᠨ ᠨᠣᠷᠮ᠎ᠠ ᠶᠢ ᠪᠠᠲᠤᠯᠠᠬᠤ ᠶᠢᠨ ᠲᠥᠯᠥᠭᠡ᠂ ᠬᠥᠮᠦᠨ ᠨᠢᠭᠡᠪᠦᠷᠢ ᠴᠥᠮ ᠵᠢᠷᠤᠮᠵᠢᠯ ᠢ ᠴᠢᠩᠭ᠎ᠠ ᠵᠢᠷᠤᠮᠯᠠᠨ ᠠᠵᠢᠯᠯᠠᠵᠤ᠂ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶ ᠪᠣᠯᠭᠠᠨ᠂ ᠡᠯ᠎ᠡ ᠵᠦᠢᠯ ᠤᠨ ᠠᠵᠢᠯ ᠤᠨ ᠳᠡᠰ ᠳᠠᠷᠠᠭᠠᠯᠠᠯ ᠢᠶᠠᠨ ᠬᠢᠨᠠᠮᠠᠭᠠᠶ ᠰᠠᠶᠢᠲᠤᠷ ᠬᠢᠵᠦ᠂ ᠬᠦᠷᠵᠡ ᠬᠤᠷᠦ᠋ᠢᠯᠠᠵᠤ ᠰᠢᠷᠣᠶ ᠬᠤᠰᠤᠵᠤ᠂ ᠵᠤᠯᠵᠠᠭ᠎ᠠ ᠮᠣᠳᠣ ᠶᠢ ᠰᠠᠭᠤᠯᠭᠠᠨ ᠵᠠᠶᠢᠯᠠᠵᠤ᠂ ᠰᠢᠨ᠎ᠡ ᠬᠥᠷᠥᠰᠥ ᠨᠡᠮᠡᠵᠦ᠂ ᠤᠰᠤ ᠲᠠᠲᠠᠵᠤ ᠤᠰᠤᠯᠠᠬᠤ ᠪᠠᠶᠢᠯ᠎ᠠ᠁ ᠤᠯᠠᠨ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂  ᠴᠢᠬᠢ ᠮᠣᠳᠣ  ᠪᠤᠯᠭᠠᠨ ᠢ ᠨᠠᠷᠢᠨ ᠨᠢᠮᠪᠠᠢ ᠲᠠᠷᠢᠵᠤ᠂ ᠳᠠᠯᠠᠨ ᠬᠠᠷ᠎ᠠ ᠠᠭᠤᠯᠠ ᠶᠢᠨ ᠠᠮᠢ ᠠᠬᠤᠢ ᠶᠢᠨ ᠣᠷᠴᠢᠨ ᠲᠣᠭᠤᠷᠢᠨ ᠳᠤ ᠨᠣᠭᠤᠭᠠᠨ ᠥᠩᠭᠡ ᠪᠠ ᠠᠮᠢᠵᠢᠷᠠᠯ ᠤᠨ ᠬᠦᠴᠦᠨ ᠢ ᠨᠡᠮᠡᠷᠢᠯᠡᠭᠰᠡᠨ ᠪᠠᠶᠢᠨ᠎ᠠ᠃ ︽ᠮᠣᠳᠣ ᠲᠠᠷᠢᠵᠤ ᠣᠶᠢᠵᠢᠭᠤᠯᠬᠤ ᠨᠢ ᠤᠳᠤ ᠦᠶ᠎ᠡ ᠳᠤ ᠭᠠᠪᠢᠶ᠎ᠠ ᠲᠠᠢ᠂ ᠥᠨᠢ ᠡᠭᠦᠷᠢᠳᠡ ᠠᠰᠢᠭ ᠲᠤᠰᠠ ᠲᠠᠢ ᠶᠤᠮ᠂ ᠪᠢᠳᠡ ᠪᠣᠳᠠᠲᠤ ᠠᠵᠢᠯᠯᠠᠭ᠎ᠠ ᠪᠠᠷ ᠢᠶᠠᠨ ᠦᠷ᠎ᠡ ᠬᠤᠶᠢᠴᠢᠰ ᠲᠠᠭᠠᠨ ᠲᠩᠷᠢ ᠨᠢ ᠴᠡᠯᠮᠡᠭ᠂ ᠭᠠᠵᠠᠷ ᠨᠢ ᠨᠣᠭᠤᠭᠠᠨ᠂ ᠤᠰᠤ ᠨᠢ ᠲᠤᠩᠭᠠᠯᠠᠭ ᠦᠵᠡᠰᠬᠦᠯᠡᠩᠲᠦ ᠰᠠᠶᠢᠬᠠᠨ ᠭᠡᠷ ᠣᠷᠣᠨ ᠢ ᠦᠯᠡᠳᠡᠭᠡᠨ᠎ᠡ︾ ︽ᠪᠢᠳᠡᠨ ᠤ ᠥᠪᠡᠷ ᠤᠨ ᠭᠠᠷ ᠢᠶᠠᠷ ᠢᠶᠠᠨ ᠵᠠᠶᠢᠯᠠᠭᠰᠠᠨ ᠵᠤᠯᠵᠠᠭ᠎ᠠ ᠮᠣᠳᠣ ᠨᠢ ᠰᠡᠭᠦᠯᠴᠢ ᠶᠢᠨ ᠦᠶ᠎ᠡ ᠳᠤ ᠨᠠᠪᠴᠢ ᠨᠠᠮᠠᠭ᠎ᠠ ᠨᠢ ᠢᠭᠴᠤ ᠰᠠᠬᠤᠯᠢᠭ ᠤᠷᠭᠤᠵᠤ᠂ ᠤᠯᠠᠨ ᠤ ᠬᠥᠳᠡᠯᠮᠦᠷᠢ ᠨᠢ ᠳᠠᠯᠠᠨ ᠬᠠᠷ᠎ᠠ ᠠᠭᠤᠯᠠ ᠳᠤ ᠢᠯᠡᠭᠦᠬᠡᠨ ᠥᠩᠭᠡ ᠨᠡᠮᠡᠬᠦ ᠶᠢ ᠬᠦᠰᠡᠵᠦ ᠪᠠᠶᠢᠨ᠎ᠠ᠃ ᠬᠤᠵᠢᠮ ᠪᠢᠳᠡ ᠡᠨᠡ ᠮᠣᠳᠣ ᠶᠢ ᠦᠷᠭᠦᠯᠵᠢ ᠦᠵᠡᠬᠦ ᠪᠠᠷ ᠢᠷᠡᠨ᠎ᠡ ᠶᠤᠮ︾ ᠭᠡᠵᠦ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠭᠰᠠᠨ ᠺᠠᠳ᠋ᠷ ᠠᠵᠢᠯᠲᠠᠨ ᠠᠵᠢᠯᠴᠢᠳ ᠢᠯᠡᠷᠬᠡᠶᠢᠯᠡᠵᠡᠭᠡᠪᠡ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠮᠣᠳᠣ ᠳᠠᠷᠢᠬᠤ ᠠᠵᠢᠯᠯᠠᠭ᠎ᠠ ᠳᠤ ᠬᠠᠶᠢᠯᠠᠰᠤᠨ ᠨᠠᠪᠴᠢᠲᠤ ᠴᠡᠴᠡᠭ᠂ ᠵᠡᠷᠯᠢᠭ ᠲᠤᠭᠤᠷ᠂ ᠲᠡᠯᠡᠶ ᠶᠢᠨ ᠤᠯᠠᠭᠠᠨ ᠵᠢᠮᠢᠰ ᠵᠡᠷᠭᠡ ᠮᠣᠳᠣᠨ ᠤ ᠲᠥᠷᠥᠯ ᠢ ᠨᠡᠶᠢᠲᠡ 800 ᠰᠠᠭᠤᠷᠢ ᠳᠠᠷᠢᠵᠠᠶ᠃ ᠲᠠᠷᠢᠭᠰᠠᠨ ᠴᠢᠬᠢ ᠮᠣᠳᠣᠨ ᠤ ᠡᠳᠡᠭᠡᠷᠡᠯᠲᠡ ᠶᠢᠨ ᠨᠣᠷᠮ᠎ᠠ ᠶᠢ ᠪᠠᠲᠤᠯᠠᠬᠤ ᠶᠢᠨ ᠲᠥᠯᠥᠭᠡ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠮᠣᠳᠣ ᠳᠠᠷᠢᠬᠤ ᠭᠠᠵᠠᠷ ᠤᠨ ᠨᠥᠬᠦᠴᠡᠯ ᠢ ᠦᠨᠳᠦᠰᠦᠯᠡᠨ᠂ ᠴᠢᠬᠢ ᠮᠣᠳᠣ ᠬᠤᠳᠠᠯᠳᠤᠨ ᠠᠪᠬᠤ ᠳᠤ ᠪᠠᠨ ᠲᠠᠴᠢᠷ ᠲᠤ ᠳᠠᠭᠠᠭᠠᠴᠠᠲᠠᠶ᠂ ᠭᠠᠩ ᠬᠠᠭᠰᠠᠷᠠᠭᠠᠨ ᠳᠤ ᠳᠠᠭᠠᠭᠠᠮᠠᠭᠠᠶ᠂ ᠲᠣᠰ ᠭᠠᠵᠠᠷ ᠤᠨ ᠥᠰᠥᠯᠲᠡ ᠳᠤ ᠳᠣᠭᠢᠷᠠᠬᠤ ᠴᠢᠨᠠᠷ ᠰᠠᠶᠢᠲᠠᠶ ᠮᠣᠳᠣᠨ ᠤ ᠲᠥᠷᠥᠯ ᠢ ᠰᠣᠩᠭᠤᠵᠤ᠂ ᠭᠠᠩ ᠬᠠᠭᠰᠠᠷᠠᠭᠠᠨ ᠲᠠᠢ ᠲᠡᠮᠡᠴᠡᠵᠦ ᠤᠰᠤ ᠪᠠᠲᠤᠯᠠᠬᠤ ᠮᠡᠷᠭᠡᠵᠢᠯ ᠢ ᠬᠡᠷᠡᠭᠯᠡᠨ ᠡᠳᠡᠭᠡᠷᠡᠯᠲᠡ ᠶᠢᠨ ᠨᠣᠷᠮ᠎ᠠ ᠶᠢ ᠳᠡᠭᠡᠭᠰᠢᠯᠡᠭᠦᠯᠵᠦ᠂ ᠳᠠᠷᠢᠵᠤ ᠤᠷᠭᠤᠭᠤᠯᠤᠭᠰᠠᠨ ᠴᠢᠬᠢ ᠮᠣᠳᠣ ᠨᠢᠭᠡᠪᠦᠷᠢ ᠳᠤ ᠴᠥᠮ ᠢᠳᠡᠷᠡᠭᠦᠨ ᠢᠶᠠᠷ ᠦᠰᠦᠨ ᠪᠤᠶᠢᠵᠢᠬᠤ ᠶᠢ ᠦᠨᠡᠨᠬᠦ ᠪᠠᠲᠤᠯᠠᠪᠠ᠃      ᠡᠨᠡ ᠵᠢᠯ ᠪᠣᠯ ᠮᠠᠨ ᠤ ᠤᠯᠤᠰ ᠤᠨ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯ ᠢ ᠬᠡᠷᠡᠭᠵᠢᠭᠦᠯᠦᠭᠰᠡᠨ 44 ᠵᠢᠯ ᠤᠨ ᠣᠶ ᠮᠥᠨ᠂ ᠪᠠᠰᠠ ᠴᠤ ︽ᠪᠤᠭᠤᠲᠤ ᠬᠤᠲᠠ ᠶᠢᠨ ᠠᠯᠪᠠᠨ ᠵᠢᠷᠤᠮ ᠤᠨ ᠮᠣᠳᠣ ᠳᠠᠷᠢᠬᠤ ᠲᠦᠷᠢᠮ︾᠎ ᠢ ᠨᠡᠶᠢᠲᠡᠯᠡᠭᠰᠡᠨ 16 ᠳ᠋ᠤᠭᠠᠷ ᠵᠢᠯ ᠮᠥᠨ᠃ ᠤᠯᠠᠨ ᠵᠢᠯ ᠤᠨ ᠲᠤᠷᠰᠢ᠂ ᠴᠢᠩᠱᠠᠨ ᠲᠣᠭᠤᠷᠢᠭ ᠠᠯᠪᠠᠨ ᠵᠢᠷᠤᠮ ᠤᠨ ᠮᠣᠳᠣ ᠲᠠᠷᠢᠬᠤ ᠶᠢ ᠢᠮᠠᠭᠲᠠ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ︽ᠤᠯᠤᠰ ᠤᠨ ᠶᠡᠭᠡ ᠶᠠᠪᠤᠳᠠᠯ︾ ᠪᠣᠯᠭᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠲᠠᠰᠤᠷᠠᠯᠲᠠ ᠦᠭᠡᠢ ᠦᠢᠯᠡᠳᠦᠯᠭᠡᠵᠢᠭᠦᠯᠵᠦ᠂ ᠳᠠᠯᠠᠨ ᠬᠠᠷ᠎ᠠ ᠠᠭᠤᠯᠠ ᠶᠢᠨ ᠡᠮᠦᠨ᠎ᠡ ᠪᠠᠯ ᠤᠨ ᠠᠮᠢ ᠠᠬᠤᠢ ᠶᠢ ᠰᠡᠷᠭᠦᠭᠡᠬᠦ ᠢᠨᠵᠧᠨᠧᠷᠢᠩ ᠢ ᠬᠢᠭᠰᠡᠨ ᠰᠠᠭᠤᠷᠢᠨ ᠳᠡᠭᠡᠷ᠎ᠡ᠂ ᠵᠣᠬᠢᠶᠠᠨ ᠪᠠᠶᠢᠭᠤᠯᠤᠨ ᠳᠠᠶᠢᠴᠢᠯᠠᠬᠤ ᠪᠠ ᠤᠬᠠᠭᠤᠯᠵᠤ ᠬᠦᠳᠦᠯᠦᠨ ᠵᠢᠯᠣᠭᠤᠳᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠶᠢ ᠥᠷᠨᠢᠭᠦᠯᠵᠦ᠂ ᠨᠣᠭᠤᠭᠠᠷᠠᠭᠤᠯᠬᠤ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠪᠣᠬᠢᠷᠲᠤᠯ ᠦᠭᠡᠢ ᠬᠥᠭᠵᠢᠯᠲᠡ ᠶᠢ ᠴᠢᠨᠠᠷ ᠰᠠᠶᠢᠲᠠᠢ ᠬᠥᠭᠵᠢᠯᠲᠡ ᠶᠢᠨ ᠢᠯᠡ ᠲᠣᠳᠣ ᠰᠠᠭᠤᠷᠢ ᠦᠩᠬᠡ ᠪᠣᠯᠭᠠᠪᠠ᠃ ᠣᠲᠣ ᠪᠣᠯᠲᠠᠯ᠎ᠠ᠂ ᠬᠥᠮᠦᠨ ᠤ ᠬᠦᠴᠦ ᠪᠠᠷ 8.76 ᠲᠦᠮᠡᠨ ᠮᠥ ᠣᠶᠢᠵᠢᠭᠤᠯᠵᠤ᠂ 895 ᠲᠦᠮᠡᠨ ᠰᠠᠭᠤᠷᠢ ᠴᠢᠬᠢ ᠮᠣᠳᠣ ᠳᠠᠷᠢᠪᠠ᠃      ᠴᠢᠩᠱᠠᠨ ᠲᠣᠭᠤᠷᠢᠭ ᠲᠣᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠠᠮᠢ ᠠᠬᠤᠶ ᠶᠢᠨ ᠳᠠᠪᠠᠭᠤᠯᠢᠭ ᠢ ᠤᠯᠠᠮ ᠨᠢᠭᠡ ᠠᠯᠬᠤᠮ ᠵᠤᠵᠠᠭᠠᠳᠬᠠᠵᠤ᠂ ᠠᠮᠢ ᠠᠬᠤᠶ ᠶᠢᠨ ᠠᠰᠢᠭ ᠲᠤᠰᠠ ᠶᠢ ᠪᠠᠳᠠᠷᠠᠭᠤᠯᠵᠤ᠂ ᠪᠤᠭᠤᠲᠤ ᠬᠤᠲᠠ ᠶᠢᠨ ᠬᠤᠶᠢᠲᠤ ᠬᠡᠰᠡᠭ ᠤᠨ ᠣᠷᠣᠨ ᠪᠦᠰᠡ ᠶᠢᠨ ᠪᠣᠬᠢᠷᠲᠤᠯ ᠥᠬᠡᠶ ᠠᠮᠢ ᠠᠬᠤᠶ ᠶᠢᠨ ᠴᠢᠬᠤᠯᠠ ᠬᠠᠯᠬᠠᠪᠴᠢ ᠶᠢ ᠪᠥᠬᠦ ᠲᠠᠯ᠎ᠠ ᠪᠠᠷ ᠪᠠᠬᠢᠵᠢᠭᠦᠯᠵᠦ᠂ ᠪᠣᠬᠢᠷᠲᠤᠯ ᠥᠬᠡᠶ ᠪᠠᠶᠢᠬᠤ ᠶᠢ ᠴᠢᠩᠱᠠᠨ ᠲᠣᠭᠤᠷᠢᠭ ᠤᠨ ᠬᠠᠮᠤᠭ ᠠᠴᠠ ᠰᠡᠳᠬᠢᠯ ᠬᠥᠳᠡᠯᠭᠡᠮ᠎ᠡ ᠦᠵᠡᠮᠵᠢ ᠪᠣᠯᠭᠠᠵᠤ᠂ ᠠᠮᠢ ᠠᠬᠤᠶ ᠶᠢᠨ ᠪᠣᠯᠪᠠᠰᠤᠨ ᠤ ᠴᠡᠴᠡᠭ ᠢ ᠪᠤᠭᠤᠲᠤ ᠶᠢᠨ ᠡᠬᠡ ᠭᠠᠵᠠᠷ ᠲᠤ ᠭᠤᠶᠢᠳᠠ ᠰᠠᠶᠢᠬᠠᠨ ᠳᠡᠯᠭᠡᠷᠡᠭᠦᠯᠦᠨ᠎ᠡ︕
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号