ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ | ᠠᠩᠬᠠᠳᠤᠭᠠᠷ ᠬᠤᠭᠤᠴᠠᠭᠠᠨ ᠤ ᠪᠦᠬᠦ ᠠᠷᠠᠳ ᠤᠨ ᠤᠩᠰᠢᠯᠭ᠎ᠠ ᠶᠢᠨ ᠶᠡᠭᠡ ᠬᠤᠷᠠᠯ ᠤᠨ ᠪᠠᠶᠠᠷ ᠤᠨ ᠵᠠᠬᠢᠳᠠᠯ ᠤᠨ | ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠰᠢᠨ᠎ᠡ ᠴᠠᠭ ᠦᠶ᠎ᠡ ᠶᠢᠨ | ᠪᠦᠬᠦ ᠠᠷᠠᠳ ᠤᠨ ᠤᠩᠰᠢᠯᠭ᠎ᠠ ᠶᠢᠨ ᠠᠵᠢᠯ ᠢ ᠰᠠᠶᠢᠲᠤᠷ ᠬᠢᠵᠦ᠂ 30 ᠳ᠋ᠤᠭᠠᠷ ᠤᠳᠠᠭᠠᠨ ᠤ ᠳᠡᠯᠡᠬᠡᠢ ᠶᠢᠨ ᠨᠣᠮ ᠤᠨ | ᠡᠳᠦᠷ ᠪᠣᠯᠤᠨ ᠤᠯᠠᠨ ᠨᠡᠶᠢᠲᠡ ᠶᠢᠨ ᠨᠣᠮ ᠤᠨ ᠰᠠᠩ ᠤᠨ ᠦᠢᠯᠡᠴᠢᠯᠡᠭᠡ ᠤᠬᠠᠭᠤᠯᠭ᠎ᠠ ᠶᠢᠨ ᠭᠠᠷᠠᠭ ᠤᠨ | ᠲᠠᠰᠢᠷᠠᠮ ᠢᠶᠠᠷ᠂ ᠴᠢᠩᠱᠠᠨ ᠲᠣᠭᠤᠷᠢᠭ ᠤᠨ ᠨᠣᠮ ᠤᠨ ᠰᠠᠩ ᠴᠢᠩᠱᠠᠨ ᠲᠣᠭᠤᠷᠢᠭ ᠤᠨ ᠴᠠᠩ ᠹᠦ᠋ ᠰᠢᠨ᠎ᠡ | ᠲᠣᠰᠬᠤᠨ ᠳᠤ ᠬᠦᠷᠴᠦ ᠳᠡᠯᠡᠬᠡᠢ ᠶᠢᠨ ᠨᠣᠮ ᠤᠩᠰᠢᠬᠤ ᠡᠳᠦᠷ ᠤᠨ ᠭᠤᠣᠯ ᠰᠡᠳᠦᠪᠲᠦ ᠤᠬᠠᠭᠤᠯᠭ᠎ᠠ ᠶᠢᠨ | ᠠᠵᠢᠯᠯᠠᠭ᠎ᠠ ᠥᠷᠨᠢᠭᠦᠯᠵᠡᠢ᠃ | ᠴᠢᠩᠱᠠᠨ ᠲᠣᠭᠤᠷᠢᠭ ᠤᠨ ᠨᠣᠮ ᠤᠨ ᠰᠠᠩ ᠲᠤᠬᠠᠶ ᠶᠢᠨ ᠲᠠᠯᠠᠪᠠᠢ ᠳᠤ ᠣᠯᠠᠨ ᠲᠦᠮᠡᠨ ᠳᠤ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠪᠠᠲᠤᠯᠠᠭ᠎ᠠ ᠶᠢᠨ | ᠬᠠᠤᠯᠢ︾᠂ ︽ᠣᠯᠠᠨ ᠨᠡᠶᠢᠲᠡ ᠶᠢᠨ ᠨᠣᠮ ᠤᠨ ᠰᠠᠩ ᠤᠨ ᠬᠠᠤᠯᠢ︾ ᠶᠢᠨ ᠤᠬᠠᠭᠤᠯᠭ᠎ᠠ ᠶᠢᠨ ᠳᠡᠪᠲᠡᠷ ᠲᠠᠷᠬᠠᠭᠠᠵᠤ᠂ | ᠲᠤᠬᠠᠶ ᠶᠢᠨ ᠲᠠᠯᠠᠪᠠᠢ ᠶᠢᠨ ᠣᠯᠠᠨ ᠲᠦᠮᠡᠨ ᠳᠤ ᠨᠢᠭᠡ ᠪᠦᠯᠦᠭ ᠬᠡᠪᠯᠡᠯ᠂ ᠡᠯ᠎ᠡ ᠲᠥᠷᠥᠯ ᠤᠨ ᠨᠣᠮ ᠪᠢᠴᠢᠭ ᠪᠡᠯᠡᠭᠯᠡᠵᠦ᠂ | ᠰᠠᠭᠤᠭᠠᠯᠢ ᠠᠷᠠᠳ ᠴᠥᠮ ᠥᠪᠡᠷ ᠤᠨ ᠳᠤᠷᠠᠲᠠᠢ ᠨᠣᠮ ᠪᠢᠴᠢᠭ ᠢᠶᠠᠨ ᠰᠣᠩᠭᠤᠨ ᠠᠪᠤᠭᠰᠠᠨ ᠪᠠᠶᠢᠨ᠎ᠠ᠃ ᠨᠣᠮ ᠤᠨ | ᠰᠠᠩ ᠤᠨ ᠠᠵᠢᠯᠲᠠᠳ ᠪᠠᠰᠠ ᠣᠯᠠᠨ ᠲᠦᠮᠡᠨ ᠳᠤ ᠨᠣᠮ ᠤᠨ ᠰᠠᠩ ᠤᠨ ᠨᠡᠭᠡᠭᠡᠬᠦ ᠴᠠᠭ᠂ ᠤᠩᠰᠢᠭᠴᠢᠳ ᠤᠨ | ᠦᠨᠡᠮᠯᠡᠯ᠂ ᠨᠣᠮ ᠪᠢᠴᠢᠭ ᠵᠢᠭᠡᠯᠡᠨ ᠤᠩᠰᠢᠬᠤ ᠵᠡᠷᠭᠡ ᠲᠠᠯ᠎ᠠ ᠶᠢᠨ ᠯᠠᠪᠯᠠᠭ᠎ᠠ ᠶᠢ ᠬᠠᠷᠢᠭᠤᠯᠵᠤ᠂ ᠤᠩᠰᠢᠭᠴᠢᠳ ᠢ | ᠬᠥᠲᠥᠯᠥᠨ ᠵᠢᠯᠣᠭᠤᠳᠴᠤ ᠪᠠᠶᠢᠭᠠᠳ ᠨᠣᠮ ᠤᠨ ᠰᠠᠩ ᠤᠨ ᠣᠯᠠᠨ ᠨᠡᠶᠢᠲᠡ ᠶᠢᠨ ᠳ᠋ᠤᠭᠠᠷ ᠢ ᠠᠩᠬᠠᠷᠴᠤ᠂ | ᠤᠩᠰᠢᠭᠴᠢᠳ ᠲᠤ ᠣᠯᠠᠨ ᠨᠡᠶᠢᠲᠡ ᠶᠢᠨ ᠳ᠋ᠤᠭᠠᠷ ᠳᠡᠭᠡᠷᠡᠬᠢ ᠦᠨ᠎ᠡ ᠲᠥᠯᠥᠪᠦᠷᠢ ᠥᠬᠡᠶ ᠲᠣᠭᠠᠴᠢᠯᠠᠭᠰᠠᠨ | ᠤᠩᠰᠢᠯᠭ᠎ᠠ ᠶᠢᠨ ᠡᠬᠢ ᠪᠠᠶᠠᠯᠢᠭ ᠢ ᠬᠡᠷᠬᠢᠨ ᠬᠡᠷᠡᠭᠯᠡᠬᠦ ᠲᠤᠬᠠᠶ ᠲᠠᠶᠢᠯᠪᠤᠷᠢᠯᠠᠨ ᠥᠭᠪᠡ᠃ | ᠤᠩᠰᠢᠯᠭ᠎ᠠ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠤᠶᠤᠨ ᠰᠠᠨᠠᠭᠠᠨ ᠤ ᠬᠥᠳᠡᠯᠭᠡᠭᠦᠷ | ᠮᠥᠨ᠂ ᠨᠡᠩ ᠴᠤ ᠰᠣᠶᠣᠯ ᠤᠨ ᠢᠲᠡᠭᠡᠯ ᠤᠨ ᠦᠨᠳᠦᠰᠦ ᠰᠠᠭᠤᠷᠢ ᠮᠥᠨ᠃ ᠴᠢᠩᠱᠠᠨ ᠲᠣᠭᠤᠷᠢᠭ ᠤᠨ ᠨᠣᠮ ᠤᠨ | ᠰᠠᠩ ᠤᠩᠰᠢᠯᠭ᠎ᠠ ᠶᠢᠨ ᠬᠠᠩᠭᠠᠯᠭ᠎ᠠ᠂ ᠤᠩᠰᠢᠯᠭ᠎ᠠ ᠶᠢᠨ ᠦᠢᠯᠡᠴᠢᠯᠡᠭᠡ᠂ ᠤᠩᠰᠢᠯᠭ᠎ᠠ ᠶᠢᠨ ᠪᠠᠲᠤᠯᠠᠭ᠎ᠠ ᠵᠡᠷᠭᠡ | ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠵᠤ᠂ ᠪᠦᠬᠦ ᠠᠷᠠᠳ ᠤᠨ ᠤᠩᠰᠢᠯᠭ᠎ᠠ ᠶᠢᠨ ᠪᠠᠶᠢᠭᠤᠯᠤᠮᠵᠢ ᠲᠣᠭᠲᠠᠴᠠ ᠶᠢ | ᠤᠯᠠᠮ ᠨᠢᠭᠡ ᠠᠯᠬᠤᠮ ᠪᠦᠷᠢᠨᠰᠢᠬᠦᠯᠵᠦ᠂ ᠪᠦᠬᠦ ᠠᠷᠠᠳ ᠤᠨ ᠤᠩᠰᠢᠯᠭ᠎ᠠ ᠶᠢᠨ ᠲᠥᠬᠦᠭᠡᠷᠦᠮᠵᠢ ᠶᠢᠨ ᠵᠢᠭᠰᠠᠭᠠᠯ ᠤᠨ | ᠭᠠᠵᠠᠷ ᠢ ᠲᠡᠭᠦᠯᠳᠡᠷᠵᠢᠭᠦᠯᠵᠦ᠂ ᠪᠦᠬᠦ ᠠᠷᠠᠳ ᠤᠨ ᠤᠩᠰᠢᠯᠭ᠎ᠠ ᠶᠢᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ | ᠨᠡᠩ ᠤᠯᠠᠨ ᠴᠢᠨᠠᠷ ᠰᠠᠶᠢᠲᠠᠢ ᠡᠬᠢ ᠪᠠᠶᠠᠯᠢᠭ ᠢ ᠬᠥᠳᠡᠭᠡ ᠲᠣᠰᠬᠤᠨ ᠳᠤ ᠪᠠᠭᠤᠯᠭᠠᠬᠤ ᠶᠢ ᠠᠬᠢᠭᠤᠯᠵᠤ᠂ ᠪᠦᠬᠦ | ᠠᠷᠠᠳ ᠤᠨ ᠤᠩᠰᠢᠯᠭ᠎ᠠ ᠶᠢᠨ ᠬᠠᠪᠤᠷ ᠤᠨ ᠰᠠᠯᠬᠢᠨ ᠤ ᠡᠬᠢ ᠰᠤᠷᠪᠤᠯᠵᠢ ᠶᠢ ᠬᠠᠩᠭᠠᠨ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠥᠨᠢ ᠤᠳᠠᠭᠠᠨ ᠤ ᠰᠣᠶᠣᠯ ᠤᠨ ᠬᠥᠳᠡᠯᠭᠡᠬᠦ ᠬᠦᠴᠦᠨ ᠨᠡᠮᠡᠷᠢᠯᠡᠨ᠎ᠡ︕ | | | |