ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠤᠰ ᠤᠨ ᠪᠠᠢᠯᠳᠤᠬᠤ ᠪᠣᠳᠣᠯᠭ᠎ᠠ ᠶᠢ ᠭᠦᠨᠵᠡᠭᠡᠢ | ᠲᠤᠭᠤᠰᠢᠯᠠᠭᠤᠯᠵᠦ᠂ ᠳᠤᠮᠳᠠᠳᠤ ᠶᠢᠨ ᠤᠯᠠᠮᠵᠢᠯᠠᠯᠲᠤ ᠵᠡᠪᠰᠡᠭ ᠤᠨ ᠡᠷᠳᠡᠮ ᠤᠨ ᠰᠣᠶᠣᠯ ᠢ ᠪᠠᠳᠠᠷᠠᠭᠤᠯᠬᠤ ᠶᠢᠨ | ᠲᠥᠯᠥᠭᠡ᠂ 4 ᠰᠠᠷ᠎ᠠ ᠶᠢᠨ 10 ᠤ ᠡᠳᠦᠷ᠂ ᠴᠢᠩᠱᠠᠨ ᠲᠣᠭᠤᠷᠢᠭ ᠤᠨ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠤ᠋ | ᠲᠧᠯᠸᠢᠰ ᠤᠨ ᠲᠣᠪᠴᠢᠶ᠎ᠠ ᠠᠴᠠ ᠭᠤᠣᠯᠯᠠᠨ ᠡᠷᠬᠢᠯᠡᠵᠦ᠂ ᠪᠤᠭᠤᠲᠤ ᠬᠤᠲᠠ ᠶᠢᠨ ᠵᠡᠪᠰᠡᠭ ᠤᠨ ᠡᠷᠳᠡᠮ ᠤᠨ | ᠨᠡᠶᠢᠭᠡᠮ ᠠᠴᠠ ᠬᠠᠪᠰᠤᠷᠤᠨ ᠡᠷᠬᠢᠯᠡᠭᠰᠡᠨ 2025 ᠣᠨ ᠤ ᠴᠢᠩᠱᠠᠨ ᠲᠣᠭᠤᠷᠢᠭ ᠤᠨ ᠵᠡᠪᠰᠡᠭ ᠤᠨ ᠡᠷᠳᠡᠮ᠂ ᠲᠠᠢ | ᠵᠢᠢ ᠴᠢᠤᠸᠠᠨ ᠭᠤᠷᠪᠠᠳᠤᠭᠠᠷ ᠳᠡᠰ ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠶᠢᠨ | ᠪᠣᠯᠪᠠᠰᠤᠷᠠᠯ ᠪᠤᠭᠤᠲᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠭᠠᠴᠤᠳ ᠤᠨ ᠣᠷᠳᠣᠨ ᠳᠤ ᠵᠢᠩᠬᠢᠨᠢ ᠪᠠᠷ | ᠠᠩᠭᠢ ᠡᠬᠢᠯᠡᠪᠡ᠃ ᠲᠣᠰ ᠤᠳᠠᠭᠠᠨ ᠤ ᠪᠣᠯᠪᠠᠰᠤᠷᠠᠯ ᠤᠨ ᠠᠩᠭᠢ ᠴᠢᠩᠱᠠᠨ ᠲᠣᠭᠤᠷᠢᠭ ᠤᠨ ᠡᠯ᠎ᠡ ᠨᠡᠶᠢᠭᠡᠮ | ᠲᠣᠭᠤᠷᠢᠭ ᠤᠨ ᠲᠠᠢ ᠵᠢᠢ ᠴᠢᠤᠸᠠᠨ ᠥᠷᠲᠡᠭᠡ ᠶᠢᠨ ᠭᠤᠤᠯᠯᠠᠭᠴᠢ ᠬᠦᠴᠦᠨ ᠵᠢᠴᠢ ᠵᠡᠪᠰᠡᠭ ᠤᠨ ᠡᠷᠳᠡᠮ ᠤᠨ | ᠣᠷᠳᠣᠨ ᠤ ᠳᠠᠰᠬᠠᠯᠵᠢᠭᠤᠯᠤᠭᠴᠢ ᠨᠡᠶᠢᠲᠡ 100 ᠬᠥᠮᠦᠨ ᠣᠷᠣᠯᠴᠠᠵᠠᠶ᠃ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠪᠣᠯᠪᠠᠰᠤᠷᠠᠭᠤᠯᠤᠯ ᠢ ᠦᠳᠡ ᠶᠢᠨ ᠡᠮᠦᠨ᠎ᠡ ᠪᠠ ᠦᠳᠡ ᠶᠢᠨ ᠬᠤᠶᠢᠨᠠᠬᠢ ᠬᠤᠶᠠᠷ ᠬᠡᠰᠡᠭ | ᠬᠤᠪᠢᠶᠠᠨ᠎ᠠ᠃ ᠦᠳᠡ ᠶᠢᠨ ᠡᠮᠦᠨᠡᠬᠢ ᠬᠢᠴᠢᠶᠡᠯ ᠨᠢ ᠥᠨᠳᠥᠷ ᠳᠤᠮᠳᠠᠳᠤ ᠳᠤ ᠰᠢᠯᠭᠠᠭᠤᠯᠬᠤ ᠵᠡᠪᠰᠡᠭ ᠤᠨ ᠡᠷᠳᠡᠮ ᠤᠨ | ᠲᠣᠭᠤᠷᠢᠨ ᠳᠤ ᠶᠠᠪᠤᠭᠳᠠᠵᠤ᠂ ᠬᠥᠯ ᠢᠶᠠᠨ ᠢᠰᠬᠦᠯᠬᠦ᠂ ᠵᠠᠷᠤᠴᠠ ᠶᠢᠨ ᠡᠷᠭᠢᠭᠦᠯᠦᠨ ᠰᠡᠭᠦᠳᠡᠷᠯᠡᠬᠦ᠂ ᠪᠡᠶ᠎ᠡ | ᠴᠢᠭᠢᠷᠠᠭᠵᠢᠭᠤᠯᠬᠤ ᠡᠮᠦᠨᠡᠲᠦ ᠨᠢᠳᠤᠷᠭᠠᠨ ᠡᠷᠳᠡᠮ ᠵᠡᠷᠭᠡ ᠲᠥᠷᠥᠯ ᠵᠦᠢᠯ ᠢ ᠬᠠᠮᠤᠷᠴᠤ᠂ ᠰᠤᠷᠤᠭᠴᠢᠳ ᠢ ᠬᠠᠪᠰᠤᠷᠤᠨ | ᠵᠡᠪᠰᠡᠭ ᠤᠨ ᠡᠷᠳᠡᠮ ᠤᠨ ᠰᠠᠭᠤᠷᠢ ᠶᠢ ᠪᠠᠬᠢᠵᠢᠭᠦᠯᠵᠦ᠂ ᠵᠡᠪᠰᠡᠭ ᠤᠨ ᠡᠷᠳᠡᠮ ᠤᠨ ᠤᠷ᠎ᠠ ᠴᠢᠳᠠᠪᠤᠷᠢ ᠶᠢ | ᠳᠡᠭᠡᠭᠰᠢᠯᠡᠭᠦᠯᠪᠡ︔ ᠦᠳᠡ ᠶᠢᠨ ᠬᠤᠶᠢᠨ᠎ᠠ ᠲᠠᠢ ᠵᠢᠢ ᠴᠢᠤᠸᠠᠨ ︽ᠨᠠᠢᠮᠠᠨ ᠠᠷᠭ᠎ᠠ ᠲᠠᠪᠤᠨ ᠠᠯᠬᠤᠮ︾ ᠤᠨ | ᠪᠠᠷᠢᠮᠵᠢᠶ᠎ᠠ ᠶᠢᠨ ᠢᠵᠢ ᠵᠠᠮ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠤᠭᠴᠢᠳ ᠲᠤ ᠲᠠᠢ ᠵᠢᠢ ᠴᠢᠤᠸᠠᠨ | ᠥᠪᠡᠷᠮᠢᠴᠡ ᠷᠢᠳᠢ ᠰᠢᠳᠢ ᠶᠢ ᠣᠶᠢᠯᠠᠭᠠᠭᠤᠯᠵᠤ᠂ ᠤᠯᠠᠮᠵᠢᠯᠠᠯᠲᠤ ᠵᠡᠪᠰᠡᠭ ᠤᠨ ᠡᠷᠳᠡᠮ ᠤᠨ ᠰᠣᠶᠣᠯ ᠤᠨ ᠥᠷᠭᠡᠨ | ᠳᠡᠯᠭᠡᠷ ᠭᠦᠨ ᠭᠦᠨᠵᠡᠭᠡᠶ ᠪᠠᠶᠢᠬᠤ ᠶᠢ ᠮᠡᠳᠡᠷᠡᠭᠦᠯᠪᠡ᠃ ᠲᠣᠰ ᠤᠳᠠᠭᠠᠨ ᠤ ᠪᠣᠯᠪᠠᠰᠤᠷᠠᠭᠤᠯᠤᠯ ᠤᠨ ᠵᠣᠷᠢᠯᠭ᠎ᠠ ᠨᠢ | ᠵᠡᠪᠰᠡᠭ ᠤᠨ ᠡᠷᠳᠡᠮ᠂ ᠲᠠᠢ ᠵᠢᠢ ᠴᠢᠤᠸᠠᠨ ᠲᠠᠮᠢᠷ ᠤᠨ ᠬᠥᠳᠡᠯᠭᠡᠭᠡᠨ ᠢ ᠲᠦᠭᠡᠮᠡᠯᠵᠢᠭᠦᠯᠬᠦ ᠬᠡᠮᠵᠢᠶ᠎ᠡ ᠪᠠ ᠵᠢᠯᠣᠭᠤᠳᠬᠤ | ᠬᠢᠷᠢ ᠲᠦᠪᠰᠢᠨ ᠢ ᠳᠡᠭᠡᠭᠰᠢᠯᠡᠭᠦᠯᠵᠦ᠂ ᠲᠤᠰᠬᠠᠶ ᠮᠡᠷᠭᠡᠵᠢᠯ ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ | ᠵᠢᠯᠣᠭᠤᠳᠣᠭᠴᠢ ᠶᠢᠨ ᠡᠩᠨᠡᠭᠡ ᠶᠢ ᠬᠥᠮᠦᠵᠢᠭᠦᠯᠬᠦ ᠶᠢᠨ ᠲᠥᠯᠥᠭᠡ ᠶᠤᠮ᠃ ᠪᠣᠯᠪᠠᠰᠤᠷᠠᠯ ᠳᠤ ᠬᠢᠷᠢ ᠲᠡᠩᠴᠡᠭᠰᠡᠨ | ᠰᠤᠷᠤᠭᠴᠢᠳ ᠭᠤᠷᠪᠠᠳᠤᠭᠠᠷ ᠳᠡᠰ ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠦᠭᠤᠳᠦᠬᠴᠢ ᠶᠢᠨ ᠦᠨᠡᠮᠯᠡᠯ | ᠤᠯᠭᠤᠵᠦ᠂ ᠢᠷᠡᠭᠡᠳᠦᠶ ᠳᠤ ᠲᠡᠳᠡ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ ᠤᠨ ᠴᠢᠬᠤᠯᠠ ᠬᠦᠴᠦᠨ | ᠪᠣᠯᠵᠣ᠂ ᠵᠡᠪᠰᠡᠭ ᠤᠨ ᠡᠷᠳᠡᠮ ᠪᠣᠯᠤᠨ ᠲᠠᠢ ᠵᠢᠢ ᠴᠢᠤᠸᠠᠨ ᠬᠥᠳᠡᠯᠭᠡᠭᠡᠨ ᠢ ᠨᠡᠶᠢᠭᠡᠮ ᠲᠣᠭᠤᠷᠢᠭ ᠪᠣᠯᠤᠨ ᠦᠨᠳᠦᠰᠦᠨ | ᠱᠠᠲᠤᠨ ᠳᠤ ᠥᠷᠭᠡᠨ ᠢᠶᠠᠷ ᠥᠷᠨᠢᠭᠦᠯᠬᠦ ᠶᠢ ᠠᠬᠢᠭᠤᠯᠬᠤ ᠪᠣᠯᠤᠨ᠎ᠠ᠃ | ᠲᠣᠰ ᠤᠳᠠᠭᠠᠨ ᠤ ᠪᠣᠯᠪᠠᠰᠤᠷᠠᠯ ᠢᠶᠠᠷ ᠳᠡᠮᠵᠢᠨ᠂ ᠰᠤᠷᠤᠭᠴᠢᠳ ᠤᠨ ᠲᠤᠰᠬᠠᠶ ᠮᠡᠷᠭᠡᠵᠢᠯ ᠤᠨ ᠬᠡᠪ | ᠪᠣᠯᠪᠠᠰᠤᠷᠠᠯ ᠢ ᠳᠡᠭᠡᠭᠰᠢᠯᠡᠭᠦᠯᠵᠦ ᠴᠢᠳᠠᠬᠤ ᠪᠠᠷ ᠪᠠᠷᠠᠬᠤ ᠥᠬᠡᠶ ᠪᠠᠰᠠ ᠴᠢᠩᠱᠠᠨ ᠲᠣᠭᠤᠷᠢᠭ ᠤᠨ ᠪᠥᠬᠦ ᠠᠷᠠᠳ ᠤᠨ | ᠪᠡᠶ᠎ᠡ ᠴᠢᠭᠢᠷᠠᠭᠵᠢᠭᠤᠯᠬᠤ ᠦᠢᠯᠡᠰ ᠤᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠳᠤᠮᠳᠠᠳᠤ ᠶᠢᠨ | ᠤᠯᠠᠮᠵᠢᠯᠠᠯᠲᠤ ᠵᠡᠪᠰᠡᠭ ᠤᠨ ᠡᠷᠳᠡᠮ ᠤᠨ ᠰᠣᠶᠣᠯ ᠢ ᠤᠯᠠᠮᠵᠢᠯᠠᠨ ᠪᠠᠳᠠᠷᠠᠭᠤᠯᠬᠤ ᠳᠤ ᠬᠦᠴᠦᠨ ᠨᠡᠮᠡᠷᠢᠯᠡᠬᠦ ᠪᠣᠯᠤᠨ᠎ᠠ᠃ | | | | | | |