ᠴᠢᠩᠱᠠᠨ ᠲᠣᠭᠤᠷᠢᠭ ᠤᠨ ︽ᠴᠠᠭᠠᠰᠤ ᠬᠡᠷᠡᠭᠯᠡᠬᠦ ᠦᠭᠡᠢ ᠢᠶᠠᠷ ᠶᠠᠪᠤᠳᠠᠯ ᠭᠦᠢᠴᠡᠳᠭᠡᠬᠦ︾ ᠵᠢᠱᠢᠶ᠎ᠡ ᠦᠵᠡᠭᠦᠯᠬᠦ ᠬᠡᠪ ᠵᠠᠭᠪᠤᠷ ᠢ ᠰᠢᠨ᠎ᠡ ᠪᠠᠷ ᠡᠭᠦᠳᠴᠦ ᠪᠤᠢ
ᠨᠡᠶᠢᠲᠡᠯᠡᠭᠰᠡᠨ ᠴᠠᠭ᠄
2025/4/15
      ᠮᠡᠳᠡᠭᠡ ᠵᠠᠩᠭᠢ ᠶᠢᠨ ᠮᠡᠷᠭᠡᠵᠢᠯ ᠤᠨ ᠨᠢᠰᠬᠦ ᠮᠡᠲᠦ ᠲᠦᠷᠭᠡᠨ ᠬᠥᠭᠵᠢᠬᠦ ᠶᠢ ᠳᠠᠭᠠᠯᠳᠤᠨ᠂ ᠲᠣᠭᠠᠴᠢᠯᠠᠭᠰᠠᠨ ᠬᠡᠯᠪᠡᠷᠢ ᠬᠤᠪᠢᠷᠠᠯᠲᠠ ᠨᠢ ᠨᠢᠭᠡᠨᠲᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠳᠣᠬᠢᠴᠢᠯᠠᠯᠲᠠ ᠶᠢ ᠠᠬᠢᠭᠤᠯᠬᠤ ᠵᠠᠩᠭᠢᠯᠠᠭ᠎ᠠ ᠶᠢᠨ ᠬᠦᠴᠦᠨ ᠪᠣᠯᠤᠭᠰᠠᠨ ᠪᠠᠶᠢᠨ᠎ᠠ᠃ ᠡᠯᠧᠺᠲᠷᠤᠨ ᠭᠠᠷ ᠤᠨ ᠦᠰᠦᠭ ᠵᠢᠷᠤᠬᠤ ᠠᠴᠠ ᠬᠤᠷᠠᠮᠳᠤᠭᠤᠯᠤᠭᠰᠠᠨ ᠲᠤᠭ᠎ᠠ ᠪᠠᠷᠢᠮᠲᠠ ᠶᠢ ᠲᠠᠭᠯᠠᠨ ᠮᠡᠳᠡᠭᠦᠯᠬᠦ ᠪᠣᠯᠲᠠᠯ᠎ᠠ᠂ 24 ᠴᠠᠭ ᠤᠨ ᠦᠪᠡᠰᠦᠪᠡᠨ ᠦᠢᠯᠡᠴᠢᠯᠡᠬᠦ ᠠᠴᠠ ᠣᠶᠤᠨᠴᠢ ᠠᠷᠠᠳ ᠤᠨ ᠠᠮᠢᠳᠤᠷᠠᠯ ᠤᠨ ᠲᠥᠷᠥᠯ ᠵᠦᠢᠯ ᠬᠦᠷᠲᠡᠯ᠎ᠡ᠂ ᠴᠢᠩᠱᠠᠨ ᠲᠣᠭᠤᠷᠢᠭ ᠠᠯᠢ ᠣᠯᠠᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠤᠯᠠᠮᠵᠢᠯᠠᠯᠲᠤ ᠦᠢᠯᠡᠴᠢᠯᠡᠭᠡᠨ ᠤ ᠵᠠᠭᠪᠤᠷ ᠤᠨ ᠬᠢᠵᠠᠭᠠᠷᠯᠠᠯ ᠢ ᠡᠪᠳᠡᠵᠦ᠂ ᠠᠵᠤ ᠠᠬᠤᠶᠢᠯᠠᠯ ᠪᠠ ᠣᠯᠠᠨ ᠲᠦᠮᠡᠨ ᠳᠤ ᠨᠠᠩ ᠥᠨᠳᠥᠷ ᠪᠦᠲᠦᠮᠵᠢᠲᠡᠶ᠂ ᠳᠥᠭᠦᠮ ᠳᠥᠲᠡ᠂ ᠣᠶᠤᠨᠴᠢ ᠦᠢᠯᠡᠴᠢᠯᠡᠭᠡᠨ ᠤ ᠣᠶᠢᠯᠠᠭᠠᠯᠲᠠ ᠶᠢ ᠬᠠᠩᠭᠠᠵᠤ ᠪᠠᠶᠢᠨ᠎ᠠ᠃      ᠴᠢᠩᠱᠠᠨ ᠲᠣᠭᠤᠷᠢᠭ ᠤᠨ ᠡᠯᠧᠺᠲᠷᠤᠨ ᠦᠨᠡᠮᠯᠡᠯ ᠵᠠᠰᠠᠭ ᠤᠨ ᠶᠠᠪᠤᠳᠠᠯ ᠤᠨ ᠦᠢᠯᠡᠴᠢᠯᠡᠭᠡ ᠵᠢᠴᠢ ᠣᠯᠠᠨ ᠨᠡᠶᠢᠲᠡ ᠶᠢᠨ ᠦᠢᠯᠡᠴᠢᠯᠡᠭᠡᠨ ᠤ ᠬᠦᠷᠢᠶᠡᠨ ᠳᠤ ᠥᠷᠭᠡᠨ ᠢᠶᠠᠷ ᠬᠡᠷᠡᠭᠯᠡᠬᠦ ᠶᠢ ᠪᠥᠬᠦ ᠲᠠᠯ᠎ᠠ ᠪᠠᠷ ᠠᠬᠢᠭᠤᠯᠵᠤ᠂ ᠪᠥᠬᠦ ᠶᠠᠪᠤᠴᠠ ᠶᠢᠨ ᠴᠠᠭᠠᠰᠤ ᠬᠡᠷᠡᠭᠯᠡᠬᠦ ᠦᠭᠡᠢ ᠪᠢᠲᠡᠭᠦᠦ ᠴᠠᠭᠠᠷᠢᠭ ᠢ ᠦᠨᠡᠨ ᠬᠦ ᠨᠡᠪᠲᠡᠷᠡᠭᠦᠯᠬᠦ ᠶᠢᠨ ᠲᠥᠯᠥᠭᠡ᠂ ᠡᠯᠧᠺᠲᠷᠤᠨ ᠦᠨᠡᠮᠯᠡᠯ ᠤᠨ ᠰᠢᠰᠲ᠋ᠧᠮ ᠳᠤ ᠲᠦᠰᠢᠭᠯᠡᠨ᠂ ᠡᠯᠧᠺᠲᠷᠤᠨ ᠦᠨᠡᠮᠯᠡᠯ ᠤᠨ ᠰᠠᠯᠠᠭ᠎ᠠ ᠮᠥᠴᠢᠷ ᠠᠯᠤᠰᠯᠠᠭᠰᠠᠨ᠂ ᠠᠵᠢᠯ ᠲᠥᠷᠥᠯ ᠠᠯᠤᠰᠯᠠᠭᠰᠠᠨ᠂ ᠬᠦᠷᠢᠶ᠎ᠡ ᠴᠠᠷᠠᠭ᠎ᠠ ᠠᠯᠤᠰᠯᠠᠭᠰᠠᠨ ᠬᠠᠷᠢᠯᠴᠠᠨ ᠬᠤᠯᠪᠣᠭᠠᠯᠠᠬᠤ᠂ ᠬᠠᠷᠢᠯᠴᠠᠨ ᠨᠡᠪᠲᠡᠷᠡᠯᠴᠡᠬᠦ ᠪᠠ ᠬᠠᠷᠢᠯᠴᠠᠨ ᠬᠠᠪᠰᠤᠷᠤᠯᠴᠠᠬᠤ ᠶᠢ ᠢᠳᠡᠪᠬᠢᠲᠡᠶ ᠠᠬᠢᠭᠤᠯᠪᠠ᠃ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠶᠢᠨ ᠡᠯᠧᠺᠲᠷᠤᠨ ᠭᠠᠷ ᠤᠨ ᠦᠰᠦᠭ ᠵᠢᠷᠤᠵᠤ ᠲᠠᠮᠠᠭ᠎ᠠ ᠳᠠᠷᠤᠬᠤ ᠲᠤᠰᠬᠠᠶ ᠲᠣᠭᠤᠷᠢᠭ ᠲᠤ ᠲᠦᠰᠢᠭᠯᠡᠨ᠂ ᠪᠥᠬᠦ ᠣᠷᠣᠨ ᠤ ᠠᠵᠤ ᠠᠬᠤᠶᠢᠯᠠᠯ᠂ ᠪᠠᠶᠢᠭᠠᠯᠢ ᠬᠥᠮᠦᠨ ᠪᠠ ᠨᠡᠶᠢᠭᠡᠮ ᠤᠨ ᠪᠦᠯᠬᠦᠮ ᠵᠡᠷᠭᠡ ᠠᠵᠤ ᠠᠬᠤᠶᠢᠯᠠᠯ ᠤᠨ ᠪᠤᠰᠤ ᠬᠠᠤᠯᠢ ᠶᠢᠨ ᠬᠥᠮᠦᠨ ᠳᠤ ᠬᠠᠨᠳᠤᠭᠤᠯᠤᠨ ᠭᠠᠷ ᠤᠨ ᠥᠰᠥᠭ ᠵᠢᠷᠤᠵᠤ ᠲᠠᠮᠠᠭ᠎ᠠ ᠳᠠᠷᠤᠬᠤ᠂ ᠭᠠᠷ ᠤᠨ ᠥᠰᠥᠭ ᠵᠢᠷᠤᠭᠰᠠᠨ ᠲᠡᠮᠳᠡᠭᠯᠡᠯ ᠵᠢᠷᠤᠬᠤ ᠵᠡᠷᠭᠡ ᠦᠢᠯᠡᠴᠢᠯᠡᠭᠡ ᠬᠠᠩᠭᠠᠵᠤ᠂ ᠠᠵᠢᠯ ᠶᠠᠪᠤᠳᠠᠯ ᠭᠦᠢᠴᠡᠳᠬᠡᠬᠦ ᠲᠠᠰ ᠳᠠᠷᠠᠭᠠᠯᠠᠯ ᠢ ᠳᠥᠭᠦᠮᠴᠢᠯᠡᠨ᠂ ᠰᠦᠯᠵᠢᠶᠡᠨ ᠳᠡᠭᠡᠷ᠎ᠡ ᠲᠤᠬᠠᠶᠢᠯᠠᠭᠰᠠᠨ ᠠᠵᠢᠯ ᠭᠦᠢᠴᠡᠳᠬᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠯᠧᠺᠲᠷᠤᠨ ᠦᠨᠡᠮᠯᠡᠯ ᠤᠨ ᠰᠠᠭᠤᠷᠢ ᠲᠤᠭ᠎ᠠ ᠪᠠᠷᠢᠮᠲᠠ ᠶᠢ ᠴᠤᠭᠯᠠᠭᠤᠯᠬᠤ ᠵᠢᠴᠢ ᠭᠠᠷ ᠤᠨ ᠥᠰᠥᠭ ᠵᠢᠷᠤᠵᠤ ᠲᠠᠮᠠᠭ᠎ᠠ ᠳᠠᠷᠤᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠤᠨ᠎ᠠ᠃ ᠣᠲᠣ ᠪᠣᠯᠲᠠᠯ᠎ᠠ᠂ ᠴᠢᠩᠱᠠᠨ ᠲᠣᠭᠤᠷᠢᠭ ᠲᠤ ᠨᠢᠭᠡᠨᠲᠡ 775 ᠡᠯᠧᠺᠲᠷᠤᠨ ᠭᠡᠷᠡᠴᠢ ᠦᠨᠡᠮᠯᠡᠯ ᠲᠠᠢ ᠬᠤᠯᠪᠣᠭᠳᠠᠭᠤᠯᠵᠤ᠂ 31 ᠲᠦᠮᠡᠨ ᠭᠠᠷᠤᠶ ᠬᠤᠪᠢ ᠲᠡᠤᠬᠡ ᠶᠢᠨ ᠭᠡᠷᠡᠴᠢ ᠦᠨᠡᠮᠯᠡᠯ ᠢ ᠬᠤᠷᠠᠮᠳᠤᠭᠤᠯᠵᠤ᠂ ᠨᠡᠶᠢᠲᠡ 31 ᠲᠦᠮᠡᠨ ᠭᠠᠷᠤᠶ ᠬᠤᠪᠢ ᠭᠠᠷ ᠤᠨ ᠥᠰᠥᠭ ᠵᠢᠷᠤᠵᠤ ᠲᠠᠮᠠᠭ᠎ᠠ ᠳᠠᠷᠤᠭᠰᠠᠨ ᠨᠣᠷᠮ᠎ᠠ 100 %᠎ ᠳᠤ ᠬᠦᠷᠴᠡᠶ᠃      ᠳᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ  ᠲᠣᠪᠴᠢᠶ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠭᠠᠴᠢᠯᠠᠭᠰᠠᠨ ᠬᠡᠯᠪᠡᠷᠢ ᠶᠢᠨ ᠬᠤᠪᠢᠷᠠᠭᠤᠯᠤᠯᠲᠠ ᠶᠢ ᠢᠳᠡᠪᠬᠢᠲᠡᠢ ᠠᠬᠢᠭᠤᠯᠵᠤ᠂ ᠲᠤᠬᠠᠶᠢᠯᠠᠭᠰᠠᠨ ᠠᠵᠢᠯ ᠤᠨ ᠶᠠᠪᠤᠴᠠ ᠶᠢ ᠪᠦᠬᠦ ᠲᠠᠯ᠎ᠠ ᠪᠠᠷ ᠰᠦᠯᠵᠢᠶᠡᠨ ᠳᠡᠭᠡᠷ᠎ᠡ ᠭᠦᠢᠴᠡᠳᠬᠡᠬᠦ ᠶᠢ ᠠᠬᠢᠭᠤᠯᠵᠤ᠂ ᠡᠯᠧᠺᠲᠷᠤᠨ ᠲᠠᠮᠠᠭ᠎ᠠ ᠳᠠᠷᠤᠬᠤ ᠲᠠᠯᠠᠪᠠᠢ ᠶᠢᠨ ᠦᠵᠡᠮᠵᠢ ᠶᠢ ᠦᠷᠭᠦᠯᠵᠢᠯᠡᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠲᠣᠭᠠᠴᠢᠯᠠᠭᠰᠠᠨ ᠲᠦᠷᠭᠡᠨ ᠵᠠᠮ ᠳᠤ ᠣᠷᠣᠭᠤᠯᠵᠤ᠂ ᠠᠵᠤ ᠠᠬᠤᠶᠢᠯᠠᠯ ᠤᠯᠠᠨ ᠲᠦᠮᠡᠨ ᠳᠤ ᠰᠢᠨ᠎ᠡ ᠠᠮᠢᠳᠤᠷᠠᠯ ᠳᠤ ᠲᠦᠬᠦᠮ ᠦᠵᠡᠭᠦᠯᠦᠨ᠎ᠡ︕
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号