ᠵᠠᠯᠠᠭᠤᠴᠤᠳ ᠤᠨ ᠤᠶᠤᠨ ᠤᠬᠠᠭᠠᠨ ᠢ ᠬᠤᠷᠠᠮᠳᠤᠭᠤᠯᠵᠤ᠂ ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ︾᠎ ᠤ ᠬᠥᠭᠵᠢᠯᠲᠡ ᠳᠤ ᠬᠦᠴᠦᠨ ᠨᠡᠮᠡᠷᠢᠯᠡᠨ᠎ᠡ — ︽ᠴᠢᠩ ᠾᠧ ᠲᠥᠯᠥᠪᠯᠡᠭᠡ︾᠎ ᠶᠢᠨ ᠨᠡᠶᠢᠭᠡᠮ ᠤᠨ ᠪᠠᠶᠢᠳᠠᠯ ᠠᠷᠠᠳ ᠤᠨ ᠰᠠᠨᠠᠭᠠᠨ ᠤ ᠮᠡᠳᠡᠭᠡ ᠵᠠᠩᠭᠢ ᠶᠢᠨ ᠪᠣᠯᠪᠠᠰᠤᠷᠠᠯ
ᠨᠡᠶᠢᠲᠡᠯᠡᠭᠰᠡᠨ ᠴᠠᠭ᠄
2025/4/16
      ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠮᠡᠳᠡᠭᠡ ᠵᠠᠩᠭᠢ ᠶᠢᠨ ᠠᠵᠢᠯ ᠤᠨ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠠᠯᠠᠭᠤᠴᠤᠳ ᠤᠨ ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ︾᠎ ᠤ ᠬᠥᠭᠵᠢᠯᠲᠡ ᠶᠢᠨ ᠳᠤᠮᠳᠠᠬᠢ ᠢᠳᠡᠪᠬᠢ ᠦᠢᠯᠡᠳᠦᠯ ᠢ ᠬᠥᠭᠵᠢᠭᠡᠬᠦ ᠶᠢᠨ ᠲᠥᠯᠥᠭᠡ᠂ ᠣᠶᠢᠷ᠎ᠠ ᠳᠤ᠂ ᠴᠢᠩᠱᠠᠨ ᠲᠣᠭᠤᠷᠢᠭ ᠤᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠪᠠᠷ ᠲᠦᠷᠦᠭᠦᠯᠡᠭᠦᠯᠦᠨ᠂ ᠡᠪ ᠬᠠᠮᠲᠤ ᠵᠠᠯᠠᠭᠤᠴᠤᠳ ᠤᠨ ᠡᠪᠯᠡᠯ ᠤᠨ ᠴᠢᠩᠱᠠᠨ ᠲᠣᠭᠤᠷᠢᠭ ᠤᠨ ᠬᠤᠷᠢᠶ᠎ᠠ ᠲᠠᠢ ᠬᠠᠮᠲᠤᠷᠠᠨ ︽ᠴᠢᠩ ᠾᠧ ᠲᠥᠯᠥᠪᠯᠡᠭᠡ︾᠎ ᠶᠢᠨ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠮᠡᠳᠡᠭᠡ ᠵᠠᠩᠭᠢ ᠶᠢᠨ ᠪᠣᠯᠪᠠᠰᠤᠷᠠᠭᠤᠯᠤᠯ ᠤᠨ ᠬᠤᠷᠠᠯ ᠢ ᠡᠷᠭᠢᠯᠡᠵᠦ᠂ ᠲᠣᠰ ᠤᠳᠠᠭᠠᠨ ᠤ ᠪᠣᠯᠪᠠᠰᠤᠷᠠᠭᠤᠯᠤᠯ ᠨᠢ ᠣᠷᠣᠨ ᠪᠦᠰᠡ ᠶᠢᠨ ᠲᠠᠷᠢᠶᠠᠯᠠᠩ ᠤᠨ ᠬᠥᠭᠵᠢᠯᠲᠡ ᠬᠢᠭᠡᠳ ᠨᠡᠶᠢᠭᠡᠮ ᠤᠨ ᠵᠠᠰᠠᠯᠲᠠ ᠶᠢ ᠳᠥᠯᠭᠢᠨ ᠠᠬᠢᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃      ᠪᠣᠯᠪᠠᠰᠤᠷᠠᠭᠤᠯᠤᠯ ᠨᠢ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢᠨ ᠲᠣᠭᠤᠷᠢᠨ ᠳᠤ ᠵᠠᠳᠠᠯᠤᠯᠲᠠ ᠬᠢᠵᠦ᠂ ᠵᠠᠯᠠᠭᠤᠴᠤᠳ ᠤᠨ ᠮᠡᠳᠡᠭᠡ ᠵᠠᠩᠭᠢᠴᠢ ᠶᠢ ᠵᠢᠯᠣᠭᠤᠳᠤᠨ ᠡᠳᠦᠷ ᠲᠤᠲᠤᠮ ᠤᠨ ᠠᠵᠢᠯ ᠤᠨ ᠵᠢᠵᠢᠭ ᠰᠠᠵᠢᠭ ᠵᠦᠢᠯ ᠠᠴᠠ ᠵᠠᠩᠭᠢᠯᠠᠭ᠎ᠠ ᠶᠢᠨ ᠰᠦᠪᠡᠭᠴᠢ ᠶᠢ ᠬᠤᠷᠴᠠ ᠰᠡᠷᠭᠡᠭ ᠣᠯᠵᠤ᠂ ᠮᠡᠳᠡᠭᠡ ᠵᠠᠩᠭᠢ ᠶᠢᠨ ᠢᠷᠡᠯᠲᠡ ᠶᠢᠨ ᠠᠷᠭ᠎ᠠ ᠵᠠᠮ ᠢ ᠥᠷᠭᠡᠳᠬᠡᠬᠦ ᠬᠡᠷᠡᠭᠲᠡᠶ᠃ ᠮᠡᠳᠡᠭᠡ ᠵᠠᠩᠭᠢᠴᠢ ᠶᠢᠨ ᠵᠣᠬᠢᠶᠠᠨ ᠪᠢᠴᠢᠬᠦ ᠬᠢᠷᠢ ᠲᠦᠪᠰᠢᠨ ᠢ ᠳᠡᠭᠡᠭᠰᠢᠯᠡᠭᠦᠯᠬᠦ ᠳᠤ ᠬᠦᠴᠦ ᠨᠡᠮᠡᠷᠢᠯᠡᠨ᠎ᠡ᠃ ᠡᠭᠦᠨ ᠤ ᠬᠠᠮᠲᠤ᠂ ᠵᠢᠷᠤᠮᠵᠢᠭᠰᠠᠨ ᠴᠤᠪᠤᠷᠠᠯ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠵᠢᠴᠢ ᠠᠩᠬᠠᠷᠬᠤ ᠵᠦᠢᠯᠡᠰ᠂ ᠮᠡᠳᠡᠭᠡ ᠵᠠᠩᠭᠢ ᠶᠢᠨ ᠥᠨᠳᠥᠷ ᠪᠦᠲᠦᠮᠵᠢᠲᠡᠶ᠂ ᠣᠨᠣᠪᠴᠢᠲᠠᠶ᠂ ᠴᠠᠭ ᠲᠤᠬᠠᠶ ᠳᠤᠨᠢ ᠮᠡᠳᠡᠭᠦᠯᠦᠨ ᠬᠦᠷᠭᠡᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠲᠤᠲᠤᠷᠬᠠᠶᠢᠯᠠᠵᠠᠢ᠃      ᠲᠣᠰ ᠤᠳᠠᠭᠠᠨ ᠤ ᠪᠣᠯᠪᠠᠰᠤᠷᠠᠭᠤᠯᠤᠯ ᠤᠨ ᠬᠤᠷᠠᠯ ᠨᠢ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠮᠡᠳᠡᠭᠡ ᠵᠠᠩᠭᠢ ᠶᠢᠨ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ︾᠎ ᠤ ᠬᠥᠭᠵᠢᠯᠲᠡ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠶᠢᠨ ᠲᠥᠯᠥᠭᠡ ᠶᠤᠮ᠃ ᠪᠣᠯᠪᠠᠰᠤᠷᠠᠭᠤᠯᠤᠯ ᠢᠶᠠᠷ ᠳᠠᠮᠵᠢᠭᠤᠯᠤᠨ᠂ ᠵᠠᠯᠠᠭᠤ ᠮᠡᠳᠡᠭᠡ ᠵᠠᠩᠭᠢᠴᠢ ᠶᠢ ᠬᠠᠪᠰᠤᠷᠤᠨ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠶᠢ ᠡᠵᠡᠮᠰᠢᠭᠦᠯᠵᠦ᠂ ᠲᠥᠷᠥ ᠶᠢᠨ ᠪᠣᠳᠣᠯᠭ᠎ᠠ ᠶᠢ ᠠᠷᠠᠳ ᠤᠨ ᠠᠮᠢᠳᠤᠷᠠᠯ ᠪᠠ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠨᠠᠩ ᠨᠡᠶᠢᠴᠡᠭᠦᠯᠦᠨ᠎ᠡ᠃ ᠳᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠬᠠᠩᠭᠠᠨ ᠪᠣᠷᠣᠯᠠᠭᠤᠯᠬᠤ ᠬᠤᠷᠰᠢᠶ᠎ᠠ ᠪᠣᠯᠤᠨ ᠡᠪ ᠬᠠᠮᠲᠤ ᠵᠠᠯᠠᠭᠤᠴᠤᠳ ᠤᠨ ᠡᠪᠯᠡᠯ ᠤᠨ ᠴᠢᠩᠱᠠᠨ ᠲᠣᠭᠤᠷᠢᠭ ᠤᠨ ᠬᠤᠷᠢᠶ᠎ᠠ ᠲᠤᠷᠰᠢᠯᠭ᠎ᠠ ᠪᠠᠨ ᠳ᠋ᠦᠩᠨᠡᠵᠦ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠮᠡᠳᠡᠭᠡ ᠵᠠᠩᠭᠢ ᠶᠢᠨ ᠠᠵᠢᠯ ᠤᠨ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠨᠡᠩ ᠤᠯᠠᠨ ᠵᠠᠯᠠᠭᠤᠴᠤᠳ ᠤᠨ ᠬᠦᠴᠦᠨ ᠢ ᠨᠢᠭᠲᠠᠷᠠᠭᠤᠯᠵᠤ᠂ ᠴᠢᠩᠱᠠᠨ ᠲᠣᠭᠤᠷᠢᠭ ᠤᠨ ᠲᠠᠷᠢᠶᠠᠯᠠᠩ ᠤᠨ ᠬᠥᠭᠵᠢᠯᠲᠡ ᠪᠣᠯᠤᠨ ᠨᠡᠶᠢᠭᠡᠮ ᠤᠨ ᠵᠠᠰᠠᠯᠲᠠ ᠵᠡᠷᠭᠡ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠬᠤ ᠪᠣᠯᠤᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号