ᠴᠢᠩᠱᠠᠨ ᠠᠯᠪᠠᠨ ᠲᠠᠷᠬᠠᠭᠠᠭᠰᠠᠨ ︹2025︺ 2 ᠳ᠋ᠤᠭᠠᠷ ᠲᠣᠭᠠᠲᠤ | ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2025 ᠣᠨ ᠤ ᠴᠢᠬᠤᠯᠠ ᠶᠡᠭᠡ ᠵᠠᠰᠠᠭ | ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠭᠠᠷᠴᠠᠭ ᠢ ᠳᠠᠷᠤᠮᠠᠯᠯᠠᠨ ᠲᠠᠷᠬᠠᠭᠠᠬᠤ ᠲᠤᠬᠠᠢ ᠴᠢᠩᠱᠠᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ | ᠲᠤᠭᠤᠷᠢᠭ ᠤᠨ ᠬᠠᠷᠢᠶ᠎ᠠ ᠡᠯ᠎ᠡ ᠰᠠᠯᠠᠭ᠎ᠠ ᠮᠥᠴᠢᠷ᠂ ᠨᠢᠭᠡᠴᠢ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ | ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ | ᠳᠠᠷᠠᠭᠠᠯᠠᠯ ᠢ ᠤᠯᠠᠮ ᠨᠢᠭᠡ ᠠᠯᠬᠤᠮ ᠵᠢᠷᠤᠮᠵᠢᠭᠤᠯᠤᠨ᠂ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ᠂ | ᠠᠷᠠᠳᠴᠢᠯᠠᠯ ᠲᠠᠢ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠠᠬᠢᠭᠤᠯᠬᠤ ᠶᠢᠨ ᠲᠦᠯᠦᠭᠡ᠂ | ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ | ︽ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2025 ᠣᠨ ᠤ ᠴᠢᠬᠤᠯᠠ ᠶᠡᠭᠡ ᠵᠠᠰᠠᠭ | ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠤᠨ ᠭᠠᠷᠴᠠᠭ︾ ᠢ ᠲᠠᠨᠠᠷ ᠲᠤ ᠳᠠᠷᠤᠮᠠᠯᠯᠠᠨ | ᠶᠠᠪᠤᠭᠤᠯᠬᠤ ᠶᠢᠨ ᠬᠠᠮᠲᠤ ᠬᠤᠯᠪᠣᠭᠳᠠᠯ ᠪᠥᠬᠦᠶ ᠠᠵᠢᠯ ᠢ ᠳᠣᠤᠷᠠᠬᠢ ᠮᠡᠲᠦ ᠮᠡᠳᠡᠭᠳᠡᠶ᠎ᠡ᠄ | ᠨᠢᠭᠡ᠂ ᠰᠢᠢᠳᠪᠦᠷᠢᠲᠦ ᠪᠣᠳᠣᠯᠭ᠎ᠠ ᠶᠢ ᠳᠠᠭᠠᠭᠠᠨ ᠠᠪᠴᠤ ᠭᠦᠢᠴᠡᠳᠭᠡᠬᠦ ᠨᠢᠭᠡᠴᠢ ᠨᠦᠭᠦᠳ ᠲᠤᠭᠤᠷᠢᠭ ᠤᠨ | ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠠᠵᠢᠯ ᠢ ᠬᠢᠨᠠᠮᠠᠭᠠᠶ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ | ᠣᠯᠠᠨ ᠨᠡᠶᠢᠲᠡ ᠪᠠᠷ ᠢᠶᠠᠨ ᠣᠷᠣᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ | ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ ᠶᠠᠷᠢᠯᠴᠠᠨ ᠲᠣᠭᠲᠠᠭᠠᠬᠤ ᠵᠡᠷᠭᠡ ᠬᠠᠤᠯᠢ ᠪᠠᠷ | ᠲᠣᠭᠲᠠᠭᠠᠭᠰᠠᠨ ᠲᠠᠰ ᠳᠠᠷᠠᠭᠠᠯᠠᠯ ᠢ ᠴᠢᠩᠭ᠎ᠠ ᠭᠦᠢᠴᠡᠳᠭᠡᠵᠦ᠂ ᠰᠢᠢᠳᠪᠦᠷᠢᠲᠦ ᠪᠣᠳᠣᠯᠭ᠎ᠠ ᠶᠢᠨ ᠵᠦᠢᠯᠡᠰ ᠢ | ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠶᠢᠨ ᠬᠠᠮᠲᠤ ᠳᠠᠩᠰᠠᠯᠠᠭᠤᠯᠬᠤ ᠪᠠ | ᠮᠠᠲ᠋ᠧᠷᠢᠶᠠᠯ ᠢ ᠡᠮᠬᠢᠯᠡᠵᠦ ᠲᠠᠩᠰᠠ ᠡᠪᠬᠡᠮᠡᠯ ᠳᠤ ᠣᠷᠣᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠃ | ᠬᠤᠶᠠᠷ᠂ ᠲᠣᠰ ᠵᠢᠯ ᠤᠨ ᠳᠣᠲᠣᠷ᠎ᠠ ᠰᠢᠨ᠎ᠡ ᠪᠠᠷ ᠨᠡᠮᠡᠭᠳᠡᠭᠦᠯᠬᠦ ᠴᠢᠬᠤᠯᠠᠲᠠᠶ ᠵᠦᠢᠯᠡᠰ ᠪᠤᠶᠤ ︽ᠭᠠᠷᠴᠠᠭ︾ ᠲᠤ | ᠵᠢᠭᠰᠠᠭᠠᠨ ᠣᠷᠣᠭᠤᠯᠤᠭᠰᠠᠨ ᠰᠢᠢᠳᠪᠦᠷᠢᠲᠦ ᠪᠣᠳᠣᠯᠭ᠎ᠠ ᠶᠢᠨ ᠵᠦᠢᠯᠡᠰ ᠲᠤ ᠲᠣᠬᠢᠷᠠᠭᠤᠯᠤᠯᠲᠠ ᠬᠢᠬᠦ ᠴᠢᠬᠤᠯᠠᠲᠠᠶ | ᠪᠠᠶᠢᠪᠠᠯ᠂ ᠰᠢᠢᠳᠪᠦᠷᠢᠲᠦ ᠪᠣᠳᠣᠯᠭ᠎ᠠ ᠶᠢ ᠳᠠᠭᠠᠭᠠᠨ ᠠᠪᠴᠤ ᠭᠦᠢᠴᠡᠳᠬᠡᠬᠦ ᠨᠢᠭᠡᠴᠢ ᠠᠴᠠ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ | ᠭᠠᠷᠴᠠᠭ ᠤᠨ ᠬᠠᠮᠢᠶᠠᠷᠤᠯᠲᠠ ᠶᠢᠨ ᠠᠷᠭ᠎ᠠ︾ ᠶᠢᠨ ᠠᠷᠪᠠᠨ ᠬᠤᠶᠠᠳᠤᠭᠠᠷ ᠵᠦᠢᠯ ᠤᠨ ᠲᠣᠭᠲᠠᠭᠠᠯ ᠶᠣᠰᠣᠭᠠᠷ | ᠬᠥᠳᠡᠯᠦᠩᠭᠦᠶ ᠪᠠᠷ ᠲᠣᠬᠢᠷᠠᠭᠤᠯᠤᠯᠲᠠ ᠬᠢᠨ᠎ᠠ᠃ | ᠭᠤᠷᠪᠠ᠂ ᠡᠯ᠎ᠡ ᠰᠠᠯᠠᠭ᠎ᠠ ᠮᠥᠴᠢᠷ᠂ ᠵᠡᠭᠡᠯᠢ ᠭᠤᠳᠤᠮᠵᠢ ᠲᠤᠰ ᠨᠢᠭᠡᠴᠢ ᠶᠢᠨ ᠢᠶᠠᠨ ᠡᠭᠦᠷᠭᠡ ᠬᠠᠷᠢᠭᠤᠴᠠᠯᠭ᠎ᠠ | ᠪᠣᠯᠤᠨ ᠣᠨ ᠤ ᠭᠤᠤᠯᠳᠠᠯᠭ᠎ᠠ ᠲᠠᠢ ᠠᠵᠢᠯ ᠲᠠᠢ ᠤᠶᠠᠯᠳᠤᠭᠤᠯᠤᠨ᠂ ᠲᠤᠰ ᠨᠢᠭᠡᠴᠢ ᠶᠢᠨ ᠢᠶᠠᠨ ᠴᠢᠬᠤᠯᠠ ᠶᠡᠭᠡ ᠵᠠᠰᠠᠭ | ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠭᠠᠷᠴᠠᠭ ᠢ ᠲᠣᠭᠲᠠᠭᠠᠨ ᠬᠡᠷᠡᠭᠵᠢᠭᠦᠯᠬᠦ ᠶᠢᠨ ᠬᠠᠮᠲᠤ | ᠨᠡᠶᠢᠭᠡᠮ ᠳᠤ ᠨᠡᠶᠢᠲᠡᠯᠡᠬᠦ ᠬᠡᠷᠡᠭᠲᠡᠶ᠃ | ᠳᠠᠭᠠᠯᠳᠤᠭᠤᠯᠤᠯ᠄ ︽ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2025 ᠣᠨ ᠤ | ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠤᠨ ᠭᠠᠷᠴᠠᠭ︾ | ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2025 ᠣᠨ ᠤ 3 ᠰᠠᠷ᠎ᠠ ᠶᠢᠨ 5 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠬᠦ︶ | | | ᠳᠠᠭᠠᠯᠳᠤᠭᠤᠯᠤᠯ | | ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2025 ᠣᠨ ᠤ ᠴᠢᠬᠤᠯᠠ ᠶᠡᠭᠡ ᠵᠠᠰᠠᠭ | ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠤᠨ ᠭᠠᠷᠴᠠᠭ | | | | | | | |