ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠮ ᠤᠨ ᠵᠦᠢᠯᠡᠰ ᠡᠵᠡᠩᠨᠡᠬᠦ ᠵᠥᠪᠰᠢᠶᠡᠷᠡᠯ ᠤᠨ ᠦᠨᠡᠮᠯᠡᠯ ᠰᠣᠯᠢᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ ᠡᠮ ᠤᠨ ᠪᠠᠭᠠᠵᠢ ᠬᠡᠷᠡᠭᠰᠡᠯ ᠤᠨ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2025/4/16
      ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠠᠵᠤ ᠠᠬᠤᠶᠢᠯᠠᠯ ᠳᠤ ᠪᠣᠳᠠᠲᠠᠶ ᠠᠵᠢᠯ ᠬᠢᠵᠦ ᠬᠦᠴᠢᠷ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠪᠬᠢᠲᠡᠶ ᠪᠠᠷ ᠠᠵᠢᠯᠯᠠᠵᠤ᠂ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠬᠦ᠂ ᠠᠵᠢᠯ ᠤᠨ ᠪᠠᠷᠢᠮᠵᠢᠶ᠎ᠠ ᠶᠢ ᠴᠢᠩᠳᠠᠯᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠠᠷᠢᠶᠠᠲᠤ ᠣᠷᠣᠨ ᠤ ᠡᠮ ᠤᠨ ᠵᠦᠢᠯ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠰᠣᠯᠢᠬᠤ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠡᠮ ᠡᠮᠨᠡᠯᠭᠡ ᠶᠢᠨ ᠠᠵᠢᠯ ᠲᠥᠷᠥᠯ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠯᠲᠡ ᠳᠤ ᠪᠠᠲᠤ ᠰᠠᠭᠤᠷᠢ ᠲᠠᠯᠪᠢᠵᠤ ᠥᠭᠪᠡ᠃      1. ᠤᠷᠢᠳᠤᠬᠢ ᠦᠢᠯᠡᠴᠢᠯᠡᠭᠡ ᠳᠤ ᠦᠨᠡᠮᠯᠡᠯ ᠰᠣᠯᠢᠬᠤ ᠶᠠᠪᠤᠴᠠ ᠶᠢ ᠰᠢᠯᠢᠳᠡᠭᠵᠢᠭᠦᠯᠦᠨ᠎ᠡ      ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠶᠠᠲᠤ ᠣᠷᠣᠨ ᠤ ᠳᠣᠲᠣᠷᠠᠬᠢ ᠬᠤᠭᠤᠴᠠᠭ᠎ᠠ ᠨᠢ ᠲᠤᠯᠤᠭᠰᠠᠨ ᠦᠨᠡᠮᠯᠡᠯ ᠰᠣᠯᠢᠬᠤ ᠴᠢᠬᠤᠯᠠᠲᠠᠶ ᠠᠵᠤ ᠠᠬᠤᠶᠢᠯᠠᠯ ᠢ ᠤᠷᠢᠳᠴᠢᠯᠠᠨ ᠰᠢᠭᠰᠢᠨ ᠪᠠᠶᠢᠴᠠᠭᠠᠵᠤ᠂ ᠵᠥᠪᠰᠢᠶᠡᠷᠡᠯ ᠤᠨ ᠦᠨᠡᠮᠯᠡᠯ ᠤᠨ ᠬᠤᠭᠤᠴᠠᠭ᠎ᠠ ᠨᠢ ᠲᠤᠯᠬᠤ ᠭᠡᠵᠦ ᠪᠠᠶᠢᠭ᠎ᠠ ᠠᠵᠤ ᠠᠬᠤᠶᠢᠯᠠᠯ ᠯᠤᠭ᠎ᠠ ᠰᠠᠨᠠᠭᠠᠴᠢᠯᠠᠭ᠎ᠠ ᠠᠴᠠ ᠪᠠᠨ ᠬᠠᠷᠢᠯᠴᠠᠵᠤ᠂ ᠮᠠᠲ᠋ᠧᠷᠢᠶᠠᠯ ᠤᠨ ᠪᠡᠯᠡᠳᠬᠡᠯ ᠪᠠ ᠲᠤᠬᠠᠶᠢᠯᠠᠭᠰᠠᠨ ᠠᠵᠢᠯ ᠮᠡᠳᠡᠭᠦᠯᠬᠦ ᠶᠢ ᠵᠢᠯᠣᠭᠤᠳᠤᠨ ᠥᠷᠨᠢᠭᠦᠯᠵᠦ᠂ ᠲᠤᠬᠠᠶ ᠶᠢᠨ ᠲᠠᠯᠠᠪᠤᠷ ᠤᠨ ᠪᠠᠶᠢᠴᠠᠭᠠᠯᠲᠠ ᠪᠠ ᠴᠡᠭᠴᠡᠯᠡᠨ ᠰᠠᠶᠢᠵᠢᠷᠠᠭᠤᠯᠬᠤ ᠭᠦᠢᠴᠡᠳ ᠴᠠᠭ ᠢ ᠤᠷᠢᠳᠴᠢᠯᠠᠨ ᠦᠯᠡᠳᠡᠭᠡᠪᠡ᠃ ᠡᠭᠦᠨ ᠤ ᠬᠠᠮᠲᠤ ᠢᠳᠡᠪᠬᠢᠲᠡᠶ ᠪᠠᠷ ᠰᠢᠨ᠎ᠡ ᠶᠢ ᠡᠭᠦᠳᠴᠦ᠂ ︽ᠦᠨᠡᠮᠯᠡᠯ ᠠᠴᠠ ᠡᠮᠦᠨ᠎ᠡ ᠵᠢᠯᠣᠭᠤᠳᠬᠤ︾ ᠣᠨᠴᠠᠯᠢᠭᠲᠤ ᠦᠢᠯᠡᠴᠢᠯᠡᠭᠡ ᠭᠠᠷᠭᠠᠵᠤ᠂ ᠤᠷᠢᠳᠴᠢᠯᠠᠨ ᠰᠢᠯᠭᠠᠨ ᠪᠠᠶᠢᠴᠠᠭᠠᠬᠤ᠂ ᠴᠡᠭ ᠠᠴᠠ ᠴᠡᠭ ᠲᠤ ᠬᠦᠷᠴᠦ ᠵᠢᠯᠣᠭᠤᠳᠬᠤ᠂ ᠲᠥᠪᠯᠡᠷᠡᠭᠦᠯᠦᠨ ᠵᠢᠯᠣᠭᠤᠳᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠤ ᠠᠬᠤᠶᠢᠯᠠᠯ ᠤᠨ ᠦᠨᠡᠮᠯᠡᠯ ᠰᠣᠯᠢᠬᠤ ᠴᠠᠭ ᠤᠨ ᠬᠢᠵᠠᠭᠠᠷ ᠢ ᠶᠡᠭᠡ ᠪᠠᠷ ᠪᠣᠭᠤᠨᠢᠰᠬᠠᠪᠠ᠃ ᠠᠵᠤ ᠠᠬᠤᠶᠢᠯᠠᠯ ᠲᠠᠢ ᠨᠢᠭᠡ ᠨᠢᠭᠡ ᠪᠠᠷ ᠬᠠᠷᠢᠯᠴᠠᠵᠤ᠂ ᠮᠠᠲ᠋ᠧᠷᠢᠶᠠᠯ ᠢ ᠡᠮᠬᠢᠯᠡᠬᠦ ᠠᠴᠠ ᠲᠥᠬᠦᠭᠡᠷᠦᠮᠵᠢ ᠶᠢᠨ ᠪᠠᠶᠢᠷᠢᠰᠢᠭᠤᠯᠤᠯᠲᠠ ᠶᠢᠨ ᠪᠥᠬᠦ ᠲᠠᠯ᠎ᠠ ᠶᠢᠨ ︽ᠰᠦᠯᠵᠢᠶᠡᠨ ᠳᠡᠭᠡᠷ᠎ᠡ ᠮᠠᠳᠠᠭ ᠲᠠᠢ ᠠᠰᠠᠭᠤᠳᠠᠯ ᠢ ᠬᠠᠷᠢᠭᠤᠯᠬᠤ︾᠎ ᠶᠢ ᠬᠠᠩᠭᠠᠬᠤ ᠶᠢᠨ ᠬᠠᠮᠲᠤ ︽ᠨᠢᠭᠡ ᠪᠦᠰᠡ ᠨᠢᠭᠡ ᠦᠨᠡᠮᠯᠡᠯ︾᠎ ᠤᠨ ᠦᠨᠡᠮᠯᠡᠯ ᠢ ᠰᠣᠯᠢᠬᠤ ᠪᠠᠶᠢᠴᠠᠭᠠᠯᠲᠠ ᠶᠢ ᠲᠤᠷᠰᠢᠨ ᠬᠡᠷᠡᠭᠵᠢᠭᠦᠯᠵᠦ᠂ ᠵᠢᠩᠬᠢᠨᠢ ᠪᠠᠷ ᠦᠨᠡᠮᠯᠡᠯ ᠰᠣᠯᠢᠬᠤ ᠭᠤᠭᠴᠤᠭ᠎ᠠ ᠶᠢᠨ ︽ᠬᠠᠮᠤᠭ ᠤᠨ ᠣᠯᠠᠨ ᠳᠠᠭᠠᠨ ᠨᠢᠭᠡ ᠯᠡ ᠤᠳᠠᠭ᠎ᠠ ᠬᠠᠷᠭᠤᠭᠤᠯᠬᠤ︾᠎ ᠶᠢ ᠦᠨᠡᠨᠬᠦ ᠪᠠᠲᠤᠯᠠᠨ᠎ᠠ᠃      2. ᠪᠠᠷᠢᠮᠵᠢᠶ᠎ᠠ ᠶᠢ ᠴᠢᠩᠳᠠᠯᠠᠵᠤ᠂ ᠦᠨᠡᠮᠯᠡᠯ ᠰᠣᠯᠢᠬᠤ ᠶᠠᠰᠤ ᠴᠢᠨᠠᠷ ᠢ ᠪᠠᠲᠤᠯᠠᠨ᠎ᠠ      ᠠᠵᠤ ᠠᠬᠤᠶᠢᠯᠠᠯ ᠤᠨ ᠦᠨᠡᠮᠯᠡᠯ ᠰᠣᠯᠢᠬᠤ ᠶᠢ ᠠᠬᠢᠭᠤᠯᠬᠤ ᠶᠢᠨ ᠬᠠᠮᠲᠤ᠂ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠡᠵᠡᠮᠳᠡᠨ᠎ᠡ᠃ ︽ᠡᠮ ᠤᠨ ᠵᠦᠢᠯ ᠤᠨ ᠡᠵᠡᠩᠨᠡᠯᠲᠡ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ︾ ︽ᠡᠮᠴᠢᠯᠡᠭᠡᠨ ᠤ ᠪᠠᠭᠠᠵᠢ ᠬᠡᠷᠡᠭᠰᠡᠯ ᠤᠨ ᠡᠵᠡᠩᠨᠡᠯᠲᠡ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ︾᠎ ᠤᠨ ᠱᠠᠭᠠᠷᠳᠠᠯᠭ᠎ᠠ ᠶᠣᠰᠣᠭᠠᠷ᠂ ᠦᠨᠡᠮᠯᠡᠯ ᠰᠣᠯᠢᠬᠤ ᠪᠠᠷᠢᠮᠵᠢᠶ᠎ᠠ ᠪᠠ ᠭᠤᠤᠯᠳᠠᠯᠭ᠎ᠠ ᠲᠠᠢ ᠪᠠᠶᠢᠴᠠᠭᠠᠬᠤ ᠠᠭᠤᠯᠭ᠎ᠠ ᠶᠢ ᠲᠣᠳᠣᠷᠬᠠᠶᠢᠯᠠᠵᠤ᠂ ᠪᠠᠷᠢᠮᠵᠢᠶ᠎ᠠ ᠲᠠᠢ ᠬᠠᠷᠢᠴᠠᠭᠤᠯᠤᠨ ᠠᠵᠤ ᠠᠬᠤᠶᠢᠯᠠᠯ ᠢ ᠵᠢᠯᠣᠭᠤᠳᠴᠤ ᠪᠠᠶᠢᠭᠠᠳ ᠦᠨᠡᠮᠯᠡᠯ ᠰᠣᠯᠢᠬᠤ ᠠᠵᠤ ᠠᠬᠤᠶᠢᠯᠠᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠪᠢᠴᠢᠭ ᠮᠠᠲ᠋ᠧᠷᠢᠶᠠᠯ᠂ ᠠᠵᠢᠯᠲᠠᠨ ᠤ ᠬᠠᠮᠢᠶᠠᠷᠤᠯᠲᠠ ᠵᠡᠷᠭᠡ ᠳᠤ ᠴᠢᠭᠯᠡᠭᠦᠯᠦᠨ ᠲᠤᠬᠠᠶ ᠶᠢᠨ ᠲᠠᠯᠠᠪᠤᠷ ᠲᠤᠨᠢ ᠪᠠᠶᠢᠴᠠᠭᠠᠵᠤ ᠥᠪᠡᠷ ᠢ ᠪᠠᠨ ᠵᠠᠯᠠᠷᠠᠭᠤᠯᠤᠨ᠂ ᠪᠠᠷᠢᠮᠵᠢᠶ᠎ᠠ ᠳᠤ ᠨᠡᠶᠢᠴᠡᠬᠦ ᠥᠬᠡᠶ ᠠᠵᠤ ᠠᠬᠤᠶᠢᠯᠠᠯ ᠤᠨ ᠱᠠᠭᠠᠷᠳᠠᠯᠭ᠎ᠠ ᠶᠢ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠦᠷᠭᠦᠯᠵᠢᠯᠡᠨ ᠮᠥᠷᠳᠡᠨ ᠨᠠᠶᠢᠳᠠᠪᠤᠷᠢᠵᠢᠭᠤᠯᠤᠨ᠎ᠠ᠃      3. ᠪᠤᠯᠪᠠᠰᠣᠷᠠᠯ ᠢ ᠴᠢᠩᠬᠠᠷᠠᠭᠤᠯᠵᠤ᠂ ᠬᠢᠨᠠᠨ ᠬᠠᠮᠢᠶᠠᠷᠬᠤ ᠴᠢᠲᠠᠪᠤᠷᠢ ᠶᠢ ᠳᠡᠭᠡᠭᠰᠢᠯᠡᠭᠦᠯᠦᠨ᠎ᠡ      ᠦᠨᠡᠮᠯᠡᠯ ᠰᠣᠯᠢᠬᠤ ᠪᠠᠶᠢᠴᠠᠭᠠᠯᠲᠠ ᠶᠢᠨ ᠳᠤᠭᠤᠶᠢᠯᠠᠩ ᠢ ᠲᠤᠰᠬᠠᠶ ᠪᠠᠶᠢᠭᠤᠯᠵᠤ᠂ ᠦᠨᠡᠮᠯᠡᠯ ᠰᠣᠯᠢᠬᠤ ᠠᠵᠢᠯᠲᠠᠨ ᠳᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠬᠦᠷᠲᠡᠭᠡᠵᠦ᠂ ᠠᠵᠢᠯ ᠤᠨ ᠶᠠᠪᠤᠴᠠ ᠪᠠ ᠪᠠᠷᠢᠮᠵᠢᠶ᠎ᠠ ᠶᠢ ᠨᠢᠭᠡᠳᠭᠡᠨ᠎ᠡ᠃ ᠳᠣᠲᠣᠭᠠᠳᠤ ᠶᠢᠨ ᠰᠣᠯᠢᠯᠴᠠᠭ᠎ᠠ ᠪᠠᠷ ᠳᠠᠮᠵᠢᠨ ᠬᠦᠴᠢᠷ ᠲᠦᠪᠡᠭᠲᠡᠶ ᠠᠰᠠᠭᠤᠳᠠᠯ ᠢ ᠴᠤᠭᠯᠠᠭᠤᠯᠬᠤ ᠶᠢᠨ ᠬᠠᠮᠲᠤ ᠬᠠᠨᠳᠤᠯᠭᠠᠲᠤ ᠴᠢᠨᠠᠷᠲᠠᠶ ᠪᠠᠷ ᠬᠠᠷᠢᠭᠤᠯᠲᠠ ᠥᠭᠴᠦ᠂ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠡᠩᠨᠡᠭᠡ ᠶᠢᠨ ᠪᠣᠳᠠᠲᠤ ᠪᠠᠶᠢᠯᠳᠤᠭᠠᠨ ᠤ ᠴᠢᠳᠠᠪᠤᠷᠢ ᠬᠢᠭᠡᠳ ᠬᠠᠮᠵᠢᠯᠴᠠᠨ ᠪᠠᠶᠢᠯᠳᠤᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠡᠭᠦᠨ ᠤ ᠬᠠᠮᠲᠤ ᠪᠣᠯᠪᠠᠰᠤᠷᠠᠭᠤᠯᠤᠯ ᠤᠨ ᠠᠭᠤᠯᠭ᠎ᠠ ᠶᠢᠨ ᠶᠣᠰᠣᠭᠠᠷ ︽ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠬᠦ︾ ᠬᠠᠪᠰᠤᠷᠤᠨ ᠲᠡᠳᠬᠦᠬᠦ ᠲᠥᠰᠦᠯ ᠢ ᠲᠣᠭᠲᠠᠭᠠᠬᠤ ᠶᠢᠨ ᠬᠠᠮᠲᠤ ︽ᠰᠡᠷᠢᠭᠦᠭᠡᠯᠲᠦ ᠴᠠᠭ︾᠎ ᠢ ᠤᠷᠢᠳᠴᠢᠯᠠᠨ ᠰᠡᠷᠡᠮᠵᠢᠯᠡᠭᠦᠯᠬᠦ᠂ ︽ᠤᠷᠢᠳᠠᠪᠠᠷ ᠪᠠᠶᠢᠴᠠᠭᠠᠵᠤ ᠳᠠᠷᠠᠭ᠎ᠠ ᠨᠢ ᠮᠡᠳᠡᠭᠦᠯᠬᠦ︾ ᠵᠡᠷᠭᠡ ᠲᠣᠭᠲᠠᠴᠠ ᠶᠢ ᠬᠡᠷᠡᠭᠵᠢᠭᠦᠯᠵᠦ᠂ ︽ᠣᠪᠣᠭᠠᠷᠠᠬᠤ︾ ᠦᠨᠡᠮᠯᠡᠯ ᠰᠣᠯᠢᠬᠤ ᠬᠦᠴᠢᠷᠳᠡᠯ ᠢ ᠨᠠᠮᠳᠠᠭᠤᠯᠤᠨ᠎ᠠ᠃      ᠡᠨᠡ ᠵᠢᠯ ᠮᠠᠨ ᠤ ᠲᠣᠪᠴᠢᠶ᠎ᠠ ᠡᠮ ᠤᠨ ᠠᠵᠤ ᠠᠬᠤᠶᠢᠯᠠᠯ ᠳᠤ ᠨᠡᠶᠢᠲᠡ 48 ᠦᠨᠡᠮᠯᠡᠯ ᠰᠣᠯᠢᠬᠤ ᠶᠢ ᠪᠡᠶᠡᠯᠡᠭᠦᠯᠵᠦ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠠᠵᠤ ᠠᠬᠤᠶᠢᠯᠠᠯ ᠤᠨ ᠬᠤᠪᠢᠷᠠᠭᠤᠯᠤᠯᠲᠠ ᠶᠢ ᠦᠷᠭᠦᠯᠵᠢᠯᠡᠭᠦᠯᠬᠦ ᠵᠥᠪᠰᠢᠶᠡᠷᠡᠯ ᠢ ᠣᠯᠵᠤ᠂ ᠬᠤᠶᠠᠳᠤᠭᠠᠷ ᠲᠥᠷᠥᠯ ᠤᠨ ᠪᠠᠭᠠᠵᠢ ᠬᠡᠷᠡᠭᠰᠡᠯ ᠤᠨ ᠲᠤᠬᠠᠶ ᠶᠢᠨ ᠲᠠᠯᠠᠪᠠᠶ ᠳᠤ 16᠎ ᠶᠢ ᠬᠢᠨᠠᠨ ᠪᠠᠶᠢᠴᠠᠭᠠᠵᠤ᠂ ᠴᠥᠮ ᠠᠵᠤ ᠠᠬᠤᠶᠢᠯᠠᠯ ᠢ ᠬᠠᠪᠰᠤᠷᠤᠨ ᠲᠣᠭᠲᠠᠭᠰᠠᠨ ᠬᠤᠭᠤᠴᠠᠭᠠᠨ ᠳᠣᠲᠣᠷ᠎ᠠ ᠰᠢᠢᠳᠪᠦᠷᠢᠯᠡᠨ ᠳᠠᠭᠤᠰᠬᠠᠵᠤ᠂ ᠬᠠᠷᠢᠶᠠᠲᠤ ᠣᠷᠣᠨ ᠤ ᠠᠵᠤ ᠠᠬᠤᠶᠢᠯᠠᠯ ᠤᠨ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号