2025 ᠣᠨ ᠤ 4 ᠰᠠᠷ᠎ᠠ ᠶᠢᠨ 15 ᠤ ᠡᠳᠦᠷ ᠪᠣᠯ ᠮᠠᠨ ᠤ ᠤᠯᠤᠰ ᠤᠨ 10 ᠳ᠋ᠤᠭᠠᠷ ᠤᠳᠠᠭᠠᠨ ᠤ ᠪᠥᠬᠦ | ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠮᠥᠨ᠂ ᠤᠯᠤᠰ ᠤᠨ ᠶᠡᠷᠦᠩᠬᠡᠶ ᠠᠮᠤᠷ | ᠲᠦᠪᠰᠢᠨ ᠤ ᠦᠵᠡᠯᠲᠡ ᠶᠢ ᠤᠯᠠᠮ ᠨᠢᠭᠡ ᠠᠯᠬᠤᠮ ᠪᠠᠲᠤ ᠪᠠᠬᠢ ᠪᠣᠶ ᠪᠣᠯᠭᠠᠵᠤ᠂ ᠤᠯᠤᠰ ᠤᠨ ᠠᠮᠤᠷ ᠲᠦᠪᠰᠢᠨ ᠤ | ᠤᠬᠠᠭᠤᠯᠭ᠎ᠠ ᠬᠥᠮᠦᠵᠢᠯ ᠢ ᠦᠷᠭᠦᠯᠵᠢᠯᠡᠨ ᠭᠦᠨᠵᠡᠭᠡᠶ ᠳᠥᠯᠭᠢᠨ ᠠᠬᠢᠭᠤᠯᠵᠤ᠂ ᠣᠯᠠᠨ ᠲᠦᠮᠡᠨ ᠤ ᠤᠯᠤᠰ ᠤᠨ ᠠᠮᠤᠷ | ᠲᠦᠪᠰᠢᠨ ᠤ ᠬᠠᠤᠯᠢ ᠪᠠᠷ ᠵᠠᠰᠠᠬᠤ ᠤᠬᠠᠮᠰᠠᠷ ᠪᠠ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠶᠢᠨ ᠲᠥᠯᠥᠭᠡ᠂ ᠸᠠᠨ | ᠵᠢᠶᠦ᠋ᠨ ᠨᠡᠶᠢᠭᠡᠮ ᠲᠣᠭᠤᠷᠢᠭ ᠤᠨ ᠬᠢᠨ ︽ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ᠂ | ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠠᠷᠪᠠᠨ ᠵᠢᠯ ᠤᠨ ᠣᠶ︾ ᠶᠢᠨ ᠠᠵᠢᠯᠯᠠᠭ᠎ᠠ ᠥᠷᠨᠢᠭᠦᠯᠪᠡ᠃ ᠤᠯᠠᠨ | ᠬᠡᠯᠪᠡᠷᠢ ᠶᠢᠨ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠤᠯᠤᠰ ᠤᠨ ᠠᠮᠤᠷ ᠲᠦᠪᠰᠢᠨ ᠤ ᠮᠡᠳᠡᠯᠭᠡ ᠶᠢ | ᠦᠨᠡᠨ ᠬᠦ ᠤᠯᠠᠨ ᠲᠦᠮᠡᠨ ᠤ ᠳᠡᠷᠭᠡᠳᠡ ᠬᠦᠷᠭᠡᠵᠦ᠂ ᠤᠯᠠᠨ ᠲᠦᠮᠡᠨ ᠤ ᠰᠡᠳᠬᠢᠯ ᠳᠤ ᠬᠠᠳᠠᠩᠰᠢᠭᠤᠯᠵᠠᠢ᠃ | ᠨᠢᠭᠡ᠂ ᠨᠡᠶᠢᠭᠡᠮ ᠲᠣᠭᠤᠷᠢᠭ ᠲᠤ ᠣᠷᠣᠵᠤ᠂ ᠤᠯᠤᠰ ᠤᠨ ᠠᠮᠤᠷ ᠲᠦᠪᠰᠢᠨ ᠤ ︽ᠦᠵᠡᠯ ᠰᠠᠨᠠᠭᠠᠨ ᠤ | ᠬᠠᠰᠢᠯᠭ᠎ᠠ︾ ᠶᠢ ᠪᠠᠲᠤ ᠴᠣᠭᠴᠠᠯᠠᠪᠠ | ᠸᠠᠨ ᠵᠢᠶᠦ᠋ᠨ ᠨᠡᠶᠢᠭᠡᠮ ᠲᠣᠭᠤᠷᠢᠭ ᠤᠨ ᠪᠦᠬᠦ ᠠᠵᠢᠯᠲᠠᠳ 4 · 15 ᠶᠢᠨ ᠪᠦᠬᠦ ᠠᠷᠠᠳ ᠤᠨ ᠤᠯᠤᠰ ᠤᠨ | ᠠᠮᠤᠷ ᠲᠦᠪᠰᠢᠨ ᠤ ᠬᠥᠮᠦᠵᠢᠯ ᠤᠨ ᠡᠳᠦᠷ ᠤᠨ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ᠃ ᠬᠤᠷᠠᠯ ᠳᠡᠭᠡᠷ᠎ᠡ᠂ | ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ | ᠨᠢᠭᠤᠴᠠ ᠶᠢ ᠬᠠᠮᠠᠭᠠᠯᠠᠬᠤ ᠬᠠᠤᠯᠢ︾ ᠵᠢᠴᠢ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠨᠠᠷᠢᠨ | ᠲᠠᠶᠢᠯᠪᠤᠷᠢᠯᠠᠵᠤ᠂ ᠲᠥᠬᠦᠮ ᠣᠶᠢᠯᠠᠭᠠᠮᠵᠢᠲᠠᠶ ᠦᠭᠡ ᠬᠡᠯᠡ ᠪᠠᠷ ᠪᠠᠶᠢᠩᠭᠤ ᠲᠣᠬᠢᠶᠠᠯᠳᠤᠬᠤ ᠨᠢᠭᠤᠴᠠ ᠶᠢ ᠬᠠᠮᠠᠭᠠᠯᠠᠬᠤ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠵᠢᠴᠢ ᠵᠣᠬᠢᠴᠠᠩᠭᠤᠶ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ | ᠲᠠᠨᠢᠯᠴᠠᠭᠤᠯᠪᠠ᠃ ᠡᠭᠦᠨ ᠠᠴᠠ ᠭᠠᠳᠠᠨ᠎ᠠ᠂ ᠪᠥᠬᠦ ᠬᠥᠮᠦᠰ ᠪᠠᠰᠠ ︽ᠤᠯᠤᠰ ᠤᠨ ᠠᠮᠤᠷ ᠲᠦᠪᠰᠢᠨ ᠤ ᠬᠠᠤᠯᠢ︾ ᠶᠢᠨ | ᠬᠠᠤᠯᠢ ᠲᠦᠭᠡᠮᠡᠯᠵᠢᠭᠦᠯᠬᠦ ᠸᠢᠳᠢᠣ᠋ ᠶᠢ ᠬᠠᠮᠲᠤ ᠪᠠᠷ ᠦᠵᠡᠵᠦ᠂ ᠤᠯᠤᠰ ᠤᠨ ᠠᠮᠤᠷ ᠲᠦᠪᠰᠢᠨ ᠤ ᠬᠥᠮᠦᠵᠢᠯ ᠢ ᠦᠨᠡᠨ | ᠬᠦ ᠴᠢᠬᠢᠨ ᠳᠡᠭᠡᠨ ᠬᠠᠳᠠᠩᠰᠢᠭᠤᠯᠵᠤ᠂ ᠲᠠᠷᠢᠬᠢ ᠲᠣᠯᠣᠭᠠᠶ ᠳᠠᠭᠠᠨ ᠬᠠᠳᠠᠩᠰᠢᠭᠤᠯᠵᠤ᠂ ᠨᠢᠭᠤᠴᠠ ᠶᠢ ᠬᠠᠮᠠᠭᠠᠯᠠᠬᠤ | ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠪᠠ᠃ | ᠬᠤᠶᠠᠷ᠂ ᠲᠣᠣᠷᠵᠢᠯ ᠳᠤ ᠣᠷᠣᠵᠤ᠂ ᠠᠮᠤᠷ ᠲᠦᠪᠰᠢᠨ ᠤ ᠮᠡᠳᠡᠯᠭᠡ ᠶᠢᠨ ︽ᠲᠠᠨᠢᠨ ᠮᠡᠳᠡᠬᠦᠢ ᠶᠢᠨ ᠴᠣᠩᠬᠤ︾ ᠶᠢ | ᠨᠡᠭᠡᠭᠡᠪᠠ | ᠸᠠᠨ ᠵᠢᠶᠦ᠋ᠨ ᠨᠡᠶᠢᠭᠡᠮ ᠲᠣᠭᠤᠷᠢᠭ ᠤᠨ ᠰᠦᠯᠵᠢᠶᠡᠨ ᠳᠡᠭᠡᠷ᠎ᠡ ᠪᠥᠬᠦ ᠠᠷᠠᠳ ᠤᠨ ᠤᠯᠤᠰ ᠤᠨ ᠠᠮᠤᠷ | ᠲᠦᠪᠰᠢᠨ ᠤ ᠬᠥᠮᠦᠵᠢᠯ ᠤᠨ ᠡᠳᠦᠷ ᠤᠨ ᠬᠠᠮᠢᠶ᠎ᠠ ᠪᠥᠬᠦᠶ ᠮᠡᠳᠡᠯᠭᠡ ᠶᠢ ᠤᠯᠠᠮᠵᠢᠯᠠᠨ ᠲᠠᠷᠬᠠᠭᠠᠵᠤ᠂ ᠰᠦᠯᠵᠢᠶᠡᠨ | ᠭᠠᠳᠠᠨ᠎ᠠ ︽ᠨᠠᠮ ᠤᠨ ᠳᠤᠭᠤᠶᠢᠯᠠᠩ + ᠰᠦᠯᠵᠢᠶᠡᠨ ᠤ ᠠᠵᠢᠯᠲᠠᠨ + ᠠᠰᠠᠷ ᠤᠨ ᠳᠠᠷᠤᠭ᠎ᠠ︾ ᠶᠢᠨ ᠦᠨᠳᠦᠰᠦᠨ | ᠱᠠᠲᠤᠨ ᠤ ᠵᠠᠰᠠᠯᠲᠠ ᠶᠢᠨ ᠲᠡᠮᠦᠷ ᠵᠠᠮ ᠤᠨ ᠭᠤᠷᠪᠠᠯᠵᠢᠨ ᠬᠤᠶᠢᠭ ᠢᠶᠠᠷ ᠲᠦᠰᠢᠭ ᠪᠣᠯᠭᠠᠵᠤ᠂ ᠥᠷᠭᠡᠨ ᠢᠶᠠᠷ | ᠤᠬᠠᠭᠤᠯᠪᠠ᠃ ᠲᠠᠷᠬᠠᠭᠠᠬᠤ ᠤᠬᠠᠭᠤᠯᠭ᠎ᠠ ᠶᠢᠨ ᠮᠠᠲ᠋ᠧᠷᠢᠶᠠᠯ ᠳᠤ ᠤᠬᠠᠭᠤᠯᠭ᠎ᠠ ᠶᠢᠨ ᠭᠠᠷ ᠳᠡᠪᠲᠡᠷ᠂ ᠨᠤᠭᠤᠯᠬᠤ | ᠬᠠᠭᠤᠳᠠᠰᠤ ᠵᠡᠷᠭᠡ ᠶᠢ ᠪᠠᠭᠲᠠᠭᠠᠨ᠎ᠠ᠃ ᠡᠲᠡᠭᠡᠷ ᠤᠬᠠᠭᠤᠯᠭ᠎ᠠ ᠶᠢᠨ ᠮᠠᠲ᠋ᠧᠷᠢᠶᠠᠯ ᠨᠢ ᠤᠯᠤᠰ ᠤᠨ ᠠᠮᠤᠷ ᠲᠦᠪᠰᠢᠨ ᠤ | ᠦᠨᠳᠦᠰᠦᠨ ᠮᠡᠳᠡᠯᠭᠡ ᠶᠢ ᠬᠠᠮᠤᠷᠤᠭᠰᠠᠨ ᠢᠶᠠᠷ ᠪᠠᠷᠠᠬᠤ ᠥᠬᠡᠶ ᠪᠠᠰᠠ ᠵᠠᠷᠢᠮ ᠪᠣᠳᠠᠲᠤ ᠬᠡᠷᠡᠭᠴᠡᠭᠡ ᠲᠠᠢ ᠠᠷᠭᠠᠴᠠᠬᠤ | ᠠᠷᠭ᠎ᠠ ᠪᠠ ᠢᠯᠡᠴᠢᠯᠡᠨ ᠮᠡᠳᠡᠭᠦᠯᠬᠦ ᠠᠷᠭ᠎ᠠ ᠵᠠᠮ ᠢ ᠬᠠᠩᠭᠠᠭᠰᠠᠨ ᠪᠠᠶᠢᠨ᠎ᠠ᠃ ᠤᠬᠠᠭᠤᠯᠭ᠎ᠠ ᠶᠢᠨ ᠮᠠᠲ᠋ᠧᠷᠢᠶᠠᠯ ᠲᠠᠢ | ᠤᠶᠠᠯᠳᠤᠭᠤᠯᠤᠨ᠂ ᠰᠦᠯᠵᠢᠶᠡᠨ ᠤ ᠠᠵᠢᠯᠲᠠᠨ ᠲᠤᠬᠠᠶ ᠶᠢᠨ ᠲᠠᠯᠠᠪᠤᠷ ᠤᠨ ᠰᠠᠭᠤᠭᠠᠯᠢ ᠠᠷᠠᠳ ᠲᠤ ᠶᠠᠭᠤ ᠶᠢ | ᠤᠯᠤᠰ ᠤᠨ ᠠᠮᠤᠷ ᠲᠦᠪᠰᠢᠨ ᠭᠡᠬᠦ᠂ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠭᠠᠷᠭᠠᠬᠤ ᠠᠴᠢ | ᠬᠤᠯᠪᠣᠭᠳᠠᠯ᠂ ᠤᠯᠤᠰ ᠤᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠬᠤ ᠦᠢᠯᠡ ᠠᠵᠢᠯᠯᠠᠭ᠎ᠠ ᠵᠢᠴᠢ | ᠡᠭᠦᠷᠭᠡᠯᠡᠬᠦ ᠴᠢᠬᠤᠯᠠᠲᠠᠶ ᠬᠠᠤᠯᠢ ᠶᠢᠨ ᠬᠠᠷᠢᠭᠤᠴᠠᠯᠭ᠎ᠠ ᠵᠡᠷᠭᠡ ᠠᠭᠤᠯᠭ᠎ᠠ ᠶᠢ ᠲᠠᠶᠢᠯᠪᠤᠷᠢᠯᠠᠨ ᠥᠭᠪᠡ᠃ | ᠭᠤᠷᠪᠠ᠂ ᠳᠡᠯᠭᠡᠭᠦᠷ ᠲᠤ ᠤᠷᠤᠵᠦ᠂ ᠠᠮᠤᠷ ᠲᠦᠪᠰᠢᠨ ᠢᠶᠠᠷ ︽ᠴᠠᠭᠳᠠᠭ᠎ᠠ ᠶᠢᠨ ᠴᠠᠭ︾ ᠢ ᠴᠢᠪᠬᠠᠳᠠᠪᠠ | ᠳᠡᠯᠭᠡᠭᠦᠷ ᠲᠤ ᠬᠦᠷᠴᠦ᠂ ᠬᠤᠳᠠᠯᠳᠤᠭᠠᠨ ᠤ ᠡᠷᠦᠬᠡ ᠳᠤ ᠬᠤᠳᠠᠯᠳᠤᠭᠠᠨ ᠤ ᠨᠢᠭᠤᠴᠠ ᠶᠢ ᠬᠠᠳᠠᠭᠠᠯᠠᠬᠤ᠂ | ᠰᠡᠷᠭᠡᠭ ᠮᠡᠳᠡᠭᠡ ᠵᠠᠩᠭᠢ ᠶᠢ ᠤᠯᠠᠮᠵᠢᠯᠠᠬᠤ ᠳᠤ ᠪᠤᠯᠭᠤᠮᠵᠢᠲᠠᠢ ᠪᠠᠶᠢᠬᠤ ᠶᠢ ᠰᠠᠨᠠᠭᠤᠯᠪᠠ᠃ ᠤᠯᠡᠠ ᠳᠤ ᠤᠯᠤᠰ ᠤᠨ | ᠠᠮᠣᠷ ᠳᠦᠪᠰᠢᠠ ᠬᠤᠯᠠ ᠪᠢᠰᠢ ᠭᠡᠳᠡᠭ ᠢ ᠬᠦᠢᠠᠵᠠᠭᠡᠢ ᠲᠠᠨᠢᠭᠤᠯᠵᠤ᠂ ᠬᠦᠮᠦᠨ ᠪᠦᠷᠢ ᠶᠢᠨ ᠠᠮᠢᠲᠣᠷᠠᠯ ᠲᠠᠢ ᠨᠢᠬᠲᠠ | ᠬᠤᠯᠪᠤᠬᠲᠠᠵᠤ ᠪᠠᠶᠢᠬᠤ ᠶᠢ ᠡᠷᠭᠡᠪᠰᠢ ᠴᠠᠭ ᠢᠮᠠᠬᠲᠠ ᠰᠡᠷᠡᠮᠵᠢᠯᠡᠨ᠎ᠡ᠃ | ᠲᠣᠰ ᠤᠳᠠᠭᠠᠨ ᠤ ᠠᠵᠢᠯᠯᠠᠭ᠎ᠠ ᠨᠢ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠤᠯᠤᠰ ᠤᠨ ᠠᠮᠤᠷ | ᠲᠦᠪᠰᠢᠨ ᠤ ᠮᠡᠳᠡᠯᠭᠡ᠂ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠵᠦ᠂ | ᠣᠯᠠᠨ ᠢᠶᠠᠷ ᠢᠶᠠᠨ ᠤᠬᠠᠮᠰᠠᠷ ᠠᠴᠠ ᠪᠠᠨ ᠤᠯᠤᠰ ᠤᠨ ᠠᠮᠤᠷ ᠲᠦᠪᠰᠢᠨ ᠤ ᠬᠠᠮᠠᠭᠠᠯᠠᠭᠴᠢ ᠪᠣᠯᠵᠣ᠂ ᠥᠪᠡᠷ ᠤᠨ | ᠪᠡᠶ᠎ᠡ ᠠᠴᠠ ᠪᠠᠨ ᠡᠬᠢᠯᠡᠨ ᠬᠢᠵᠦ᠂ ᠥᠪᠡᠷ ᠤᠨ ᠦᠭᠡ ᠶᠠᠷᠢᠶ᠎ᠠ ᠦᠢᠯᠡ ᠠᠵᠢᠯᠯᠠᠭ᠎ᠠ ᠪᠠᠨ ᠪᠠᠲᠤᠯᠠᠨ ᠰᠠᠬᠢᠬᠤ ᠶᠢᠨ | ᠬᠠᠮᠲᠤ ᠪᠠᠰᠠ ᠤᠯᠤᠰ ᠤᠨ ᠠᠮᠤᠷ ᠲᠦᠪᠰᠢᠨ ᠢ ᠡᠪᠳᠡᠬᠦ ᠦᠵᠡᠭᠳᠡᠯ ᠪᠠ ᠦᠢᠯᠡ ᠠᠵᠢᠯᠯᠠᠭ᠎ᠠ ᠶᠢ ᠡᠰᠡᠷᠭᠦᠴᠡᠨ | ᠬᠤᠷᠢᠭᠯᠠᠨ᠎ᠠ ᠭᠡᠵᠦ ᠢᠯᠡᠳᠭᠡᠵᠡᠢ᠃ ᠪᠥᠬᠦ ᠠᠷᠠᠳ ᠢᠶᠠᠷ ᠢᠶᠠᠨ ᠠᠮᠤᠷ ᠲᠦᠪᠰᠢᠨ ᠤ ᠬᠠᠯᠬᠠᠪᠴᠢ ᠶᠢ ᠬᠠᠮᠲᠤ ᠪᠠᠷ | ᠪᠠᠶᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠰᠠᠭᠤᠭᠠᠯᠢ ᠠᠷᠠᠳ ᠲᠤ ᠤᠯᠤᠰ ᠤᠨ ᠠᠮᠤᠷ | ᠲᠦᠪᠰᠢᠨ ᠢ ᠬᠠᠮᠠᠭᠠᠯᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠭᠤᠯᠵᠠᠢ᠃ | | | | |