ᠴᠢᠩᠱᠠᠨ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠪᠠᠷ ᠠᠴᠢᠶᠠᠯᠠᠪᠤᠷᠢ ᠪᠣᠯᠭᠠᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠨ᠎ᠠ
ᠨᠡᠶᠢᠲᠡᠯᠡᠭᠰᠡᠨ ᠴᠠᠭ᠄
2025/4/17
      AED ᠪᠠᠶᠢᠷᠢᠯᠠᠭᠤᠯᠤᠭᠰᠠᠨ ᠪᠠᠶᠢᠭᠤᠯᠭ᠎ᠠ ᠨᠢᠭᠡᠴᠢ ᠶᠢᠨ ᠠᠵᠢᠯᠲᠠᠨ ᠤ ᠲᠦᠷᠭᠡᠨ ᠠᠪᠤᠷᠠᠬᠤ ᠴᠢᠳᠠᠪᠤᠷᠢ ᠪᠠ AED᠎ ᠶᠢ ᠪᠣᠯᠪᠠᠰᠤᠷᠠᠩᠭᠤᠢ ᠬᠡᠷᠡᠭᠯᠡᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠤᠯᠠᠮ ᠨᠢᠭᠡ ᠠᠯᠬᠤᠮ ᠪᠠᠳᠤᠳᠬᠠᠬᠤ ᠶᠢᠨ ᠲᠦᠯᠦᠭᠡ᠂ ᠣᠶᠢᠷ᠎ᠠ ᠳᠤ᠂ ᠴᠢᠩᠱᠠᠨ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠰᠢᠩ ᠱᠧᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠭᠤᠷᠪᠠᠳᠤᠭᠠᠷ ᠳᠠᠪᠬᠤᠷᠯᠢᠭ ᠤᠨ ᠬᠤᠷᠠᠯ ᠤᠨ ᠭᠡᠷ ᠲᠤ CPR+AED ᠲᠤᠰᠬᠠᠶ ᠲᠠᠯᠠᠪᠤᠷ ᠤᠨ ᠪᠣᠯᠪᠠᠰᠤᠷᠠᠭᠤᠯᠤᠯ ᠎ ᠢ ᠥᠷᠨᠢᠭᠦᠯᠵᠦ᠂ ᠲᠣᠭᠤᠷᠢᠭ ᠲᠤ ᠰᠠᠭᠤᠭ᠎ᠠ ᠠᠵᠤ ᠠᠬᠤᠶᠢᠯᠠᠯ ︵ᠨᠢᠭᠡᠳᠦᠭᠡᠷ ᠮᠠᠰᠢᠨ ᠂ ᠬᠤᠶᠠᠳᠤᠭᠠᠷ ᠮᠠᠰᠢᠨ᠂ ᠬᠤᠲᠠ ᠶᠢᠨ ᠴᠠᠬᠢᠯᠭᠠᠨ ᠬᠠᠩᠭᠠᠬᠤ᠂ ᠳᠤᠮᠳᠠᠳᠤ ᠤᠯᠤᠰ ᠤᠨ ᠴᠢᠯᠠᠭᠤᠨ ᠲᠣᠰᠣ᠂ ᠬᠠᠩ ᠰᠢᠶᠤᠤ  ᠪᠤᠯᠤᠳ ᠪᠦᠲᠦᠴᠡ︶᠂ ᠲᠣᠭᠤᠷᠢᠭ ᠤᠨ ᠬᠠᠷᠢᠶ᠎ᠠ ᠠᠵᠢᠯ ᠦᠢᠯᠡᠰ ᠤᠨ ᠨᠢᠭᠡᠴᠢ ︵ᠨᠣᠮ ᠤᠨ ᠰᠠᠩ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠂ ᠨᠠᠮ ᠤᠨ ᠰᠤᠷᠭᠠᠭᠤᠯᠢ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ︶᠂ ᠵᠡᠭᠡᠯᠢ ᠪᠠᠯᠭᠠᠰᠤ ︵ᠨᠡᠶᠢᠭᠡᠮ ᠲᠣᠭᠤᠷᠢᠭ︶ ᠵᠡᠷᠭᠡ ᠡᠯ᠎ᠡ ᠦᠨᠳᠦᠰᠦᠲᠡᠨ ᠤ 114 ᠬᠥᠮᠦᠨ ᠲᠣᠰ ᠤᠳᠠᠭᠠᠨ ᠤ ᠪᠣᠯᠪᠠᠰᠤᠷᠠᠭᠤᠯᠤᠯ ᠳᠤ ᠣᠷᠣᠯᠴᠠᠵᠠᠶ᠃      ᠲᠣᠰ ᠤᠳᠠᠭ᠎ᠠ  ᠶᠢᠨ ᠪᠤᠯᠪᠠᠰᠤᠷᠠᠯ ᠪᠣᠯ AED ᠪᠠᠶᠢᠷᠢᠯᠠᠭᠤᠯᠤᠭᠰᠠᠨ ᠨᠢᠭᠡᠴᠢ ᠶᠢᠨ ᠠᠵᠢᠯᠲᠠᠨ ᠳᠤ ᠵᠤᠷᠢᠭᠤᠯᠤᠭᠰᠠᠨ CPR+AED ᠲᠤᠰᠬᠠᠢ ᠪᠣᠯᠪᠠᠰᠤᠷᠠᠭᠤᠯᠤᠯ ᠪᠣᠯᠤᠨ᠎ᠠ᠃ ᠪᠣᠯᠪᠠᠰᠤᠷᠠᠭᠤᠯᠤᠯ ᠤᠨ ᠵᠠᠭᠪᠤᠷ ᠨᠢ ᠣᠨᠣᠯ ᠤᠨ ᠲᠠᠶᠢᠯᠤᠮᠵᠢ ᠪᠠ ᠪᠣᠳᠠᠲᠠᠶ ᠪᠣᠯᠪᠠᠰᠤᠷᠠᠯ ᠢ ᠤᠶᠠᠯᠳᠤᠭᠤᠯᠬᠤ ᠠᠷᠭ᠎ᠠ ᠮᠠᠶ᠋ᠢᠭ ᠢ ᠠᠪᠤᠨ᠎ᠠ᠃ ᠣᠨᠣᠯ ᠤᠨ ᠬᠢᠴᠢᠶᠡᠯ ᠳᠡᠭᠡᠷ᠎ᠡ᠂ ᠪᠠᠭᠰᠢ ᠠᠴᠠ ᠯᠠᠪᠳᠠᠭᠤᠨ ᠪᠠᠲᠤᠲᠠᠶ ᠣᠨᠣᠯ ᠤᠨ ᠠᠭᠤᠯᠭ᠎ᠠ ᠪᠠ ᠵᠢᠷᠤᠭ ᠪᠢᠴᠢᠭ ᠢ ᠬᠤᠣᠰᠯᠠᠭᠤᠯᠵᠤ᠂ ᠵᠢᠷᠦᠬᠡ ᠠᠭᠤᠰᠬᠢᠨ ᠤ ᠰᠡᠷᠭᠦᠭᠡᠯᠲᠡ ᠶᠢᠨ ᠭᠤᠭᠴᠤᠭ᠎ᠠ ᠨᠢᠭᠡᠪᠦᠷᠢ᠂ ᠭᠤᠤᠯᠳᠠᠯᠭ᠎ᠠ ᠲᠠᠢ ᠠᠭᠤᠯᠭ᠎ᠠ ᠪᠠ ᠠᠵᠢᠯᠯᠠᠭᠠᠨ ᠤ ᠠᠷᠭ᠎ᠠ ᠪᠠᠷᠢᠯ ᠢ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠪᠤᠷᠢᠯᠠᠪᠠ᠃ ᠪᠣᠳᠠᠲᠠᠶ ᠪᠣᠯᠪᠠᠰᠤᠷᠠᠯ ᠤᠨ ᠰᠣᠷᠢᠯᠲᠠ ᠶᠢᠨ ᠭᠤᠭᠴᠤᠭ᠎ᠠ ᠳᠤ᠂ 6 ᠳᠤᠭᠤᠶᠢᠯᠠᠩ ᠬᠤᠪᠢᠶᠠᠨ ᠬᠠᠷᠢᠯᠴᠠᠨ ᠰᠣᠷᠢᠯᠲᠠ ᠬᠢᠵᠦ᠂ ᠪᠠᠭᠰᠢ ᠶᠢᠨ ᠵᠢᠭᠠᠨ ᠰᠤᠷᠭᠠᠯᠲᠠ ᠰᠣᠷᠣᠭᠴᠢ ᠨᠢᠭᠡᠪᠦᠷᠢ ᠶᠢ ᠰᠢᠨᠵᠢᠯᠡᠬᠦ ᠤᠬᠠᠭᠠᠨᠴᠢ ᠪᠠᠷ ᠵᠢᠯᠣᠭᠤᠳᠴᠤ᠂ ᠠᠵᠢᠯᠯᠠᠭᠠᠨ ᠤ ᠠᠯᠬᠤᠮ ᠳᠠᠷᠠᠭ᠎ᠠ ᠨᠢᠭᠡᠪᠦᠷᠢ ᠶᠢ ᠰᠢᠨᠵᠢᠯᠡᠬᠦ ᠤᠬᠠᠭᠠᠨᠴᠢ ᠪᠠᠷ ᠵᠢᠯᠣᠭᠤᠳᠴᠤ᠂ ᠰᠤᠷᠤᠭᠴᠢᠳ ᠤᠨ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠵᠢᠭᠠᠨ ᠭᠠᠷᠭᠠᠵᠤ᠂ ᠰᠤᠷᠤᠭᠴᠢᠳ ᠤᠨ ᠰᠣᠷᠢᠯᠲᠠ ᠶᠢ ᠲᠠᠬᠢᠨ ᠳᠠᠪᠲᠠᠨ ᠵᠢᠯᠣᠭᠤᠳᠴᠤ᠂ ᠰᠤᠷᠤᠭᠴᠢ ᠨᠢᠭᠡᠪᠦᠷᠢ ᠶᠢᠨ ᠪᠣᠯᠪᠠᠰᠤᠷᠠᠩᠭᠤᠶ ᠡᠵᠡᠮᠰᠢᠬᠦ ᠶᠢᠨ ᠬᠠᠮᠲᠤ ᠵᠢᠷᠤᠮᠵᠢᠭᠤᠯᠤᠨ ᠠᠵᠢᠯᠯᠠᠭᠤᠯᠤᠨ᠎ᠠ᠃      ᠲᠣᠰ ᠤᠳᠠᠭᠠᠨ ᠤ ᠪᠣᠯᠪᠠᠰᠤᠷᠠᠯ ᠢᠶᠠᠷ ᠳᠡᠮᠵᠢᠨ᠂ ᠰᠤᠷᠤᠭᠴᠢᠳ ᠰᠤᠷᠤᠯᠴᠠᠯᠭ᠎ᠠ ᠶᠢᠨ ᠳᠤᠮᠳᠠ ᠬᠠᠷᠢᠯᠴᠠᠨ ᠲᠠᠨᠢᠵᠤ᠂ ᠰᠤᠷᠤᠯᠴᠠᠯᠭ᠎ᠠ ᠶᠢᠨ ᠳᠤᠮᠳᠠ ᠬᠠᠷᠢᠯᠴᠠᠨ ᠣᠶᠢᠯᠠᠭᠠᠯᠴᠠᠵᠤ᠂ ᠦᠨᠳᠦᠰᠦᠲᠡᠨ ᠨᠦᠭᠦᠳ ᠤᠨ ᠬᠤᠭᠤᠷᠣᠨᠳᠣᠬᠢ ᠰᠣᠯᠢᠯᠴᠠᠭ᠎ᠠ᠂ ᠶᠠᠪᠤᠯᠴᠠᠭ᠎ᠠ᠂ ᠠᠭᠤᠰᠤᠯᠴᠠᠯ ᠢ ᠨᠡᠮᠡᠭᠳᠡᠭᠦᠯᠵᠦ᠂ ︽ᠬᠥᠮᠦᠨ ᠪᠦᠬᠦᠨ ᠲᠦᠷᠭᠡᠨ ᠠᠪᠤᠷᠠᠯᠳᠠ ᠶᠢ ᠰᠤᠷᠤᠯᠴᠠᠵᠤ᠂ ᠲᠦᠷᠭᠡᠨ ᠠᠪᠤᠷᠠᠯᠳᠠ ᠶᠢ ᠬᠥᠮᠦᠨ ᠪᠦᠬᠦᠨ ᠡᠳ᠋ᠯᠡᠬᠦ︾ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠡᠷᠡᠭᠦᠯ ᠮᠡᠨᠳᠦ ᠪᠠ ᠠᠮᠤᠷ ᠲᠦᠪᠰᠢᠨ ᠢ ᠰᠠᠬᠢᠨ ᠬᠠᠮᠠᠭᠠᠯᠠᠬᠤ ᠪᠠᠲᠤ ᠴᠢᠩᠭ᠎ᠠ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠪᠠ᠃ ᠲᠠᠷᠠᠭᠠᠴᠢ ᠶᠢᠨ ᠠᠯᠬᠤᠮ ᠳᠤ᠂ ᠪᠢᠳᠡ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠪᠣᠯᠪᠠᠰᠤᠷᠠᠭᠤᠯᠤᠯ ᠤᠨ ︽ᠵᠠᠭᠤ ᠮᠢᠩᠭ᠎ᠠ ᠲᠦᠮᠡᠨ ᠢᠨᠵᠧᠨᠧᠷᠢᠩ︾᠎ ᠢ ᠬᠢᠨᠠᠮᠠᠭᠠᠶ ᠨᠠᠶᠢᠳᠠᠪᠤᠷᠢᠵᠢᠭᠤᠯᠵᠤ᠂ ᠦᠨᠳᠦᠰᠦᠲᠡᠨ ᠨᠦᠭᠦᠳ ᠤᠨ ᠡᠯ᠎ᠡ ᠠᠵᠢᠯ ᠲᠥᠷᠥᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠪᠣᠯᠪᠠᠰᠤᠷᠠᠭᠤᠯᠤᠯ ᠤᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠣᠯᠠᠨ ᠲᠦᠮᠡᠨ ᠤ ᠳᠡᠷᠭᠡᠳᠡᠬᠢ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠢ ᠪᠤᠢ ᠪᠣᠯᠭᠠᠵᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠪᠣᠯᠪᠠᠰᠤᠷᠠᠭᠤᠯᠤᠯ ᠢ ᠣᠯᠠᠨ ᠲᠦᠮᠡᠨ ᠤ ᠰᠡᠳᠬᠢᠯ ᠢ ᠳᠤᠯᠠᠭᠠᠴᠠᠭᠤᠯᠬᠤ ᠢᠨᠵᠧᠨᠧᠷᠢᠩ ᠪᠣᠯᠭᠠᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号