ᠪᠤᠭᠤᠲᠤ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠴᠢᠩᠱᠠᠨ ᠲᠣᠭᠤᠷᠢᠭ ᠤᠨ ᠬᠤᠪᠢᠶᠠᠷᠢ ᠲᠣᠪᠴᠢᠶ᠎ᠠ ᠬᠠᠷᠢᠶᠠᠲᠤ ᠣᠷᠣᠨ ᠤ ᠭᠠᠳᠠᠨ᠎ᠠ ᠭᠤᠤᠯᠳᠠᠯᠭ᠎ᠠ ᠲᠠᠢ ᠤᠰᠤᠨ ᠳᠤ ᠬᠤᠯᠪᠣᠭᠳᠠᠭᠰᠠᠨ ᠠᠵᠤ ᠠᠬᠤᠶᠢᠯᠠᠯ ᠤᠨ ᠪᠣᠬᠢᠷᠲᠤᠯ ᠪᠣᠳᠠᠰ ᠤᠨ ᠪᠠᠷᠢᠮᠵᠢᠶ᠎ᠠ ᠠᠴᠠ ᠬᠡᠲᠦᠷᠡᠭᠦᠯᠦᠨ ᠭᠠᠳᠠᠭᠰᠢᠯᠠᠭᠤᠯᠬᠤ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠪᠡ
ᠨᠡᠶᠢᠲᠡᠯᠡᠭᠰᠡᠨ ᠴᠠᠭ᠄
2025/4/18
      ᠴᠢᠩᠱᠠᠨ ᠲᠣᠭᠤᠷᠢᠭ ᠤᠨ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ᠤᠰᠤᠨ ᠳᠤ ᠬᠤᠯᠪᠣᠭᠳᠠᠭᠰᠠᠨ ᠠᠵᠤ ᠠᠬᠤᠶᠢᠯᠠᠯ ᠤᠨ ᠪᠣᠬᠢᠷᠲᠤᠯ ᠪᠣᠳᠠᠰ ᠤᠨ ᠪᠠᠷᠢᠮᠵᠢᠶ᠎ᠠ ᠠᠴᠠ ᠬᠡᠲᠦᠷᠡᠭᠦᠯᠦᠨ ᠭᠠᠳᠠᠭᠰᠢᠯᠠᠭᠤᠯᠬᠤ ᠠᠰᠠᠭᠤᠳᠠᠯ ᠢ ᠪᠥᠬᠦ ᠲᠠᠯ᠎ᠠ ᠪᠠᠷ ᠴᠡᠭᠴᠡᠯᠡᠨ ᠵᠠᠰᠠᠵᠤ᠂ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠲᠠᠰᠤᠷᠠᠯᠲᠠ ᠥᠬᠡᠶ ᠴᠢᠩᠭᠠᠳᠬᠠᠬᠤ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠪᠤᠭᠤᠲᠤ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠴᠢᠩᠱᠠᠨ ᠲᠣᠭᠤᠷᠢᠭ ᠤᠨ ᠬᠤᠪᠢᠶᠠᠷᠢ ᠲᠣᠪᠴᠢᠶ᠎ᠠ ᠬᠠᠷᠢᠶᠠᠲᠤ ᠣᠷᠣᠨ ᠤ ᠭᠠᠳᠠᠨ᠎ᠠ ᠭᠤᠤᠯᠳᠠᠯᠭ᠎ᠠ ᠲᠠᠢ ᠤᠰᠤᠨ ᠳᠤ ᠬᠤᠯᠪᠣᠭᠳᠠᠭᠰᠠᠨ ᠠᠵᠤ ᠠᠬᠤᠶᠢᠯᠠᠯ ᠤᠨ ᠪᠣᠬᠢᠷᠲᠤᠯ ᠪᠣᠳᠠᠰ ᠤᠨ ᠪᠠᠷᠢᠮᠵᠢᠶ᠎ᠠ ᠠᠴᠠ ᠬᠡᠲᠦᠷᠡᠭᠦᠯᠦᠨ ᠭᠠᠳᠠᠭᠰᠢᠯᠠᠭᠤᠯᠬᠤ ᠠᠰᠠᠭᠤᠳᠠᠯ ᠳᠤ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠥᠷᠨᠢᠭᠦᠯᠪᠡ᠃      ᠴᠢᠩᠱᠠᠨ ᠲᠣᠭᠤᠷᠢᠭ ᠤᠨ ᠬᠤᠪᠢᠶᠠᠷᠢ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠭᠤᠤᠯᠳᠠᠭᠤ ᠬᠠᠷᠢᠶᠠᠲᠤ ᠣᠷᠣᠨ ᠤ ᠬᠦᠷᠢᠶᠡᠯᠡᠩ ᠲᠣᠭᠤᠷᠢᠭ ᠤᠨ ᠭᠠᠳᠠᠨᠠᠬᠢ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠤᠨ ᠭᠤᠤᠯᠳᠠᠯᠭ᠎ᠠ ᠲᠠᠢ ᠬᠠᠮᠢᠶᠠᠷᠤᠯᠲᠠ ᠪᠠ ᠳᠥᠭᠦᠮᠴᠢᠯᠡᠭᠰᠡᠨ ᠬᠠᠮᠢᠶᠠᠷᠤᠯᠲᠠ ᠳᠤ ᠴᠢᠭᠯᠡᠭᠦᠯᠦᠨ᠂ ᠠᠵᠤ ᠠᠬᠤᠶᠢᠯᠠᠯ ᠤᠨ ᠣᠷᠴᠢᠨ ᠲᠣᠭᠤᠷᠢᠨ ᠤ ᠦᠨᠡᠯᠡᠯᠲᠡ᠂ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠲᠠᠢ ᠬᠠᠷᠢᠴᠠᠭᠤᠯᠤᠨ᠂ ᠠᠵᠤ ᠠᠬᠤᠶᠢᠯᠠᠯ ᠤᠨ ᠠᠵᠢᠯᠯᠠᠭᠠᠨ ᠤ ᠡᠬᠡ ᠲᠠᠩᠰᠠ᠂ ᠰᠦᠯᠵᠢᠶᠡᠨ ᠳᠡᠭᠡᠷᠡᠬᠢ ᠬᠢᠨᠠᠨ ᠡᠵᠡᠮᠳᠡᠬᠦ ᠲᠤᠭ᠎ᠠ ᠪᠠᠷᠢᠮᠲᠠ᠂ ᠪᠣᠬᠢᠷᠲᠤᠯ ᠢ ᠵᠠᠰᠠᠬᠤ ᠪᠡᠯᠡᠳᠬᠡᠮᠵᠢ ᠵᠡᠷᠭᠡ ᠪᠠᠶᠢᠳᠠᠯ ᠢ ᠲᠤᠬᠠᠶ ᠶᠢᠨ ᠲᠠᠯᠠᠪᠤᠷ ᠲᠤᠨᠢ ᠬᠢᠨᠠᠨ ᠪᠠᠶᠢᠴᠠᠭᠠᠵᠤ᠂ ᠠᠵᠤ ᠠᠬᠤᠶᠢᠯᠠᠯ ᠤᠨ ᠪᠣᠬᠢᠷ ᠤᠰᠤ ᠶᠢ ᠰᠢᠢᠳᠪᠦᠷᠢᠯᠡᠭᠰᠡᠨ ᠪᠠᠶᠢᠳᠠᠯ ᠢ ᠭᠤᠤᠯᠳᠠᠯᠭ᠎ᠠ ᠲᠠᠢ ᠴᠢᠩᠭ᠎ᠠ ᠪᠠᠶᠢᠴᠠᠭᠠᠵᠤ᠂ ᠡᠭᠦᠨ ᠳᠤ ᠰᠢᠢᠳᠪᠦᠷᠢᠯᠡᠬᠦ ᠪᠡᠯᠡᠳᠬᠡᠮᠵᠢ ᠨᠢ ᠬᠡᠪ ᠤᠨ ᠶᠣᠰᠣᠭᠠᠷ ᠠᠵᠢᠯᠯᠠᠭᠰᠠᠨ ᠡᠰᠡᠬᠦ᠂ ᠪᠣᠬᠢᠷᠲᠤᠯ ᠭᠠᠳᠠᠭᠰᠢᠯᠠᠭᠤᠯᠬᠤ ᠠᠮᠠᠰᠠᠷ ᠨᠢ ᠵᠢᠷᠤᠮᠵᠢᠭᠰᠠᠨ ᠡᠰᠡᠬᠦ ᠶᠢ ᠪᠠᠭᠲᠠᠭᠠᠬᠤ ᠶᠢᠨ ᠬᠠᠮᠲᠤ ᠪᠣᠬᠢᠷ ᠤᠰᠤ ᠶᠢ ᠭᠠᠳᠠᠭᠰᠢ ᠭᠠᠳᠠᠭᠰᠢᠯᠠᠭᠤᠯᠬᠤ ᠥᠬᠡᠶ ᠠᠵᠤ ᠠᠬᠤᠶᠢᠯᠠᠯ ᠤᠨ ᠪᠣᠬᠢᠷ ᠤᠰᠤ ᠭᠠᠳᠠᠭᠰᠢᠯᠠᠭᠤᠯᠬᠤ ᠠᠮᠠᠰᠠᠷ ᠲᠤ ᠲᠤᠬᠠᠶ ᠶᠢᠨ ᠭᠠᠵᠠᠷ ᠤᠨ ᠪᠠᠶᠢᠴᠠᠭᠠᠯᠲᠠ ᠬᠢᠵᠦ᠂ ᠲᠡᠭᠦᠨ ᠢ ᠳᠠᠯᠳᠠᠭᠤᠷ ᠭᠠᠳᠠᠭᠰᠢᠯᠠᠭᠤᠯᠬᠤ᠂ ᠭᠤᠭᠤᠵᠢᠭᠤᠯᠤᠨ ᠭᠠᠳᠠᠭᠰᠢᠯᠠᠭᠤᠯᠬᠤ᠂ ᠬᠡᠲᠦᠷᠡᠲᠡᠯ᠎ᠡ ᠭᠠᠳᠠᠭᠰᠢᠯᠠᠭᠤᠯᠬᠤ ᠵᠡᠷᠭᠡ ᠦᠵᠡᠭᠳᠡᠯ ᠣᠷᠣᠰᠢᠵᠤ ᠪᠠᠶᠢᠬᠤ ᠡᠰᠡᠬᠦ ᠶᠢ ᠲᠤᠬᠠᠶ ᠶᠢᠨ ᠲᠠᠯᠠᠪᠤᠷ ᠲᠤᠨᠢ ᠨᠤᠲᠠᠯᠠᠪᠠ᠃ ᠲᠣᠰ ᠤᠳᠠᠭᠠᠨ ᠤ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢᠶᠠᠷ ᠳᠠᠮᠵᠢᠭᠤᠯᠤᠨ᠂ ᠤᠰᠤᠨ ᠳᠤ ᠬᠤᠯᠪᠣᠭᠳᠠᠭᠰᠠᠨ ᠬᠡᠰᠡᠭ ᠠᠵᠤ ᠠᠬᠤᠶᠢᠯᠠᠯ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠶᠢᠨ ᠬᠠᠮᠢᠶᠠᠷᠤᠯᠲᠠ ᠪᠠᠨ ᠴᠢᠩᠭᠠᠳᠬᠠᠬᠤ ᠶᠢ ᠤᠯᠠᠮ ᠨᠢᠭᠡ ᠠᠯᠬᠤᠮ ᠰᠢᠮᠳᠠᠭᠤᠯᠵᠤ᠂ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠶᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠬᠠᠮᠠᠭᠠᠯᠠᠵᠤ᠂ ᠪᠡᠯᠡᠳᠬᠡᠮᠵᠢ ᠶᠢᠨ ᠣᠷᠳᠣ ᠬᠤᠭᠤᠴᠠᠭ᠎ᠠ ᠪᠠᠷ ᠬᠡᠪ ᠤᠨ ᠶᠣᠰᠣᠭᠠᠷ ᠠᠵᠢᠯᠯᠠᠬᠤ ᠶᠢ ᠦᠨᠡᠨᠬᠦ ᠪᠠᠲᠤᠯᠠᠵᠤ᠂ ᠪᠣᠬᠢᠷᠲᠤᠯ ᠪᠣᠳᠠᠰ ᠢ ᠪᠠᠷᠢᠮᠵᠢᠶ᠎ᠠ ᠳᠤ ᠬᠦᠷᠦᠭᠦᠯᠦᠨ ᠭᠠᠳᠠᠭᠰᠢᠯᠠᠭᠤᠯᠬᠤ ᠶᠢ ᠪᠡᠶᠡᠯᠡᠭᠦᠯᠪᠡ᠃      ᠲᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠬᠤᠪᠢᠶᠠᠷᠢ ᠲᠣᠪᠴᠢᠶ᠎ᠠ ᠬᠠᠷᠢᠶᠠᠲᠤ ᠣᠷᠣᠨ ᠤ ᠤᠰᠤᠨ ᠳᠤ ᠬᠤᠯᠪᠣᠭᠳᠠᠭᠰᠠᠨ ᠠᠵᠤ ᠠᠬᠤᠶᠢᠯᠠᠯ ᠢ ᠪᠠᠶᠢᠴᠠᠭᠠᠬᠤ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ᠪᠣᠬᠢᠷ ᠪᠣᠳᠠᠰ ᠢ ᠬᠤᠯᠠᠭᠤᠨ ᠭᠠᠳᠠᠭᠰᠢᠯᠠᠭᠤᠯᠬᠤ᠂ ᠭᠤᠭᠤᠵᠢᠭᠤᠯᠤᠨ ᠭᠠᠳᠠᠭᠰᠢᠯᠠᠭᠤᠯᠬᠤ᠂ ᠪᠠᠷᠢᠮᠵᠢᠶ᠎ᠠ ᠠᠴᠠ ᠬᠡᠲᠦᠷᠡᠭᠦᠯᠦᠨ ᠭᠠᠳᠠᠭᠰᠢᠯᠠᠭᠤᠯᠬᠤ ᠵᠡᠷᠭᠡ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠡᠯ᠎ᠡ ᠵᠦᠢᠯ ᠤᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠪᠣᠬᠢᠷᠲᠤᠯ ᠪᠣᠳᠠᠰ ᠢ ᠪᠠᠷᠢᠮᠵᠢᠶ᠎ᠠ ᠠᠴᠠ ᠬᠡᠲᠦᠷᠡᠭᠦᠯᠦᠨ ᠭᠠᠳᠠᠭᠰᠢᠯᠠᠭᠤᠯᠬᠤ ᠶᠢ ᠲᠤᠰᠬᠠᠶ ᠴᠡᠭᠴᠡᠯᠡᠨ ᠵᠠᠰᠠᠬᠤ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ ᠶᠢᠨ ︽ᠬᠠᠤᠯᠢ ᠰᠠᠬᠢᠭᠤᠯᠵᠤ︾ ᠪᠠᠶᠢᠭᠰᠠᠨ ᠠᠴᠠ ︽ᠪᠢ ᠬᠠᠤᠯᠢ ᠰᠠᠬᠢᠬᠤ︾ ᠳᠠᠰᠢ ᠬᠤᠪᠢᠷᠠᠭᠤᠯᠬᠤ ᠶᠢ ᠦᠨᠡᠨᠬᠦ ᠠᠬᠢᠭᠤᠯᠵᠤ᠂ ᠠᠵᠤ ᠠᠬᠤᠶᠢᠯᠠᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠭᠤᠴᠠᠯᠭ᠎ᠠ ᠪᠠᠨ ᠪᠡᠶ᠎ᠡ ᠪᠠᠨ ᠳᠠᠭᠠᠭᠠᠵᠤ ᠭᠦᠢᠴᠡᠳᠭᠡᠬᠦ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠤᠰᠤᠨ ᠤ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠣᠷᠣᠨ ᠪᠦᠰᠡ ᠶᠢᠨ ᠤᠰᠤᠨ ᠤ ᠠᠮᠢ ᠠᠬᠤᠶ ᠶᠢᠨ ᠣᠷᠴᠢᠨ ᠲᠣᠭᠤᠷᠢᠨ ᠤ ᠠᠮᠤᠷ ᠲᠦᠪᠰᠢᠨ ᠢ ᠪᠠᠲᠤᠯᠠᠨ᠎ᠠ᠃   
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号