ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠲᠣᠭᠲᠠᠭᠠᠬᠤ ᠠᠶᠤᠯ ᠲᠦᠭᠰᠢᠭᠦᠷᠢ ᠶᠢ ᠰᠡᠷᠭᠡᠶᠢᠯᠡᠪᠡ
ᠨᠡᠶᠢᠲᠡᠯᠡᠭᠰᠡᠨ ᠴᠠᠭ᠄
2025/4/18
      ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠬᠢᠨᠠᠨ ᠪᠣᠳᠣᠬᠤ ᠠᠵᠢᠯ ᠪᠣᠯ ᠡᠳ᠋ ᠤᠨ ᠵᠠᠰᠠᠭ ᠤᠨ ᠡᠭᠦᠷᠭᠡ ᠴᠢᠳᠠᠪᠤᠷᠢ ᠶᠢ ᠪᠠᠳᠠᠷᠠᠭᠤᠯᠬᠤ ᠴᠢᠬᠤᠯᠠ ᠵᠠᠩᠭᠢᠯᠠᠭ᠎ᠠ ᠪᠣᠯᠤᠨ᠎ᠠ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢ ᠬᠢᠨᠠᠨ ᠲᠣᠭᠲᠠᠭᠠᠬᠤ ᠳᠤ ᠡᠩ ᠤᠨ ᠪᠠᠶᠢᠳᠠᠯ ᠳᠣᠤᠷ᠎ᠠ ᠪᠡᠯᠡ ᠣᠷᠣᠭᠤᠯᠤᠯᠲᠠ ᠶᠢᠨ ᠲᠤᠭ᠎ᠠ ᠨᠢ ᠶᠡᠭᠡ᠂ ᠲᠤᠰᠬᠠᠶ ᠮᠡᠷᠭᠡᠵᠢᠯ ᠤᠨ ᠴᠢᠨᠠᠷ ᠢᠶᠠᠷ ᠴᠢᠩᠭ᠎ᠠ᠂ ᠨᠥᠯᠥᠭᠡᠯᠡᠯ ᠤᠨ ᠬᠡᠮᠵᠢᠶ᠎ᠡ ᠨᠢ ᠭᠦᠨ᠂ ᠲᠣᠭᠠᠴᠠᠭ᠎ᠠ ᠬᠢᠬᠦ ᠠᠵᠢᠯ ᠨᠢ ᠪᠤᠳᠤᠯᠢᠶᠠᠨᠲᠠᠶ ᠵᠡᠷᠭᠡ ᠣᠨᠴᠠᠯᠢᠭ ᠲᠠᠢ ᠪᠠᠶᠢᠳᠠᠭ᠃ ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠬᠢᠨᠠᠨ ᠪᠤᠳᠤᠬᠤ ᠠᠵᠢᠯ ᠢ ᠬᠡᠷᠡᠭᠵᠢᠭᠦᠯᠬᠦ ᠶᠠᠪᠤᠴᠠ ᠳᠤ᠂ ᠠᠶᠤᠯ ᠲᠦᠭᠰᠢᠭᠦᠷᠢ ᠶᠢ ᠲᠠᠰᠤᠷᠠᠯᠲᠠ ᠥᠬᠡᠶ ᠵᠢᠭᠰᠠᠭᠠᠨ ᠪᠠᠶᠢᠴᠠᠭᠠᠵᠤ᠂ ᠵᠣᠬᠢᠴᠠᠩᠭᠤᠶ ᠰᠡᠷᠭᠡᠶᠢᠯᠡᠬᠦ ᠠᠷᠭ᠎ᠠ ᠬᠡᠮᠵᠢᠶ᠎ᠡ ᠶᠢ ᠬᠠᠨᠳᠤᠯᠭᠠᠲᠤ ᠴᠢᠨᠠᠷᠲᠠᠶ ᠪᠠᠷ ᠲᠣᠭᠲᠠᠭᠠᠵᠤ᠂ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠢᠨᠵᠧᠨᠧᠷᠢᠩ ᠤᠨ ᠬᠢᠨᠠᠨ ᠪᠤᠳᠤᠬᠤ ᠶᠠᠰᠤ ᠴᠢᠨᠠᠷ᠂ ᠬᠢᠨᠠᠨ ᠪᠤᠳᠤᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃      ᠨᠢᠭᠡ ᠳᠤ᠂ ᠳᠣᠲᠣᠭᠠᠳᠤ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠬᠢᠨᠠᠨ ᠲᠣᠭᠲᠠᠭᠠᠬᠤ ᠠᠶᠤᠯ ᠲᠦᠭᠰᠢᠭᠦᠷᠢ ᠶᠢ ᠰᠡᠷᠭᠡᠶᠢᠯᠡᠨ᠎ᠡ᠃ ᠬᠢᠨᠠᠨ ᠲᠣᠭᠲᠠᠭᠠᠬᠤ ᠠᠵᠢᠯᠲᠠᠨ ᠤ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠠᠷᠢᠭᠤᠨ ᠴᠢᠬᠡᠴᠢ ᠪᠠᠶᠢᠬᠤ ᠶᠢ ᠦᠨᠡᠨᠬᠦ ᠪᠠᠲᠤᠯᠠᠵᠤ᠂ ᠬᠢᠨᠠᠨ ᠲᠣᠭᠲᠠᠭᠠᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠨ᠎ᠠ᠃ ᠬᠢᠨᠠᠨ ᠲᠣᠭᠲᠠᠭᠠᠬᠤ ᠠᠵᠢᠯᠲᠠᠳ ᠰᠠᠬᠢᠯᠭ᠎ᠠ ᠪᠠᠲᠤ ᠶᠢᠨ ᠠᠮᠠᠯᠠᠯᠲᠠ ᠶᠢᠨ ᠪᠢᠴᠢᠭ ᠲᠠᠭᠯᠠᠵᠤ᠂ ᠬᠢᠨᠠᠨ ᠲᠣᠭᠲᠠᠭᠠᠬᠤ ᠠᠵᠢᠯᠲᠠᠨ ᠤ ᠦᠨᠳᠦᠰᠦᠨ ᠠᠵᠢᠯ ᠮᠡᠷᠭᠡᠵᠢᠯ ᠤᠨ ᠬᠡᠪ ᠰᠤᠷᠲᠠᠯ ᠪᠠᠲᠤᠯᠠᠭ᠎ᠠ ᠲᠠᠢ ᠪᠣᠯᠪᠠ᠃ ᠬᠢᠨᠠᠨ ᠲᠣᠭᠲᠠᠭᠠᠬᠤ ᠳᠤᠭᠤᠶᠢᠯᠠᠩ ᠤᠨ ᠪᠦᠷᠢᠯᠳᠦᠬᠦᠨ ᠢ ᠬᠠᠷᠢᠯᠴᠠᠨ ᠦᠨᠡᠯᠡᠬᠦ ᠲᠣᠭᠲᠠᠴᠠ ᠶᠢ ᠪᠠᠶᠢᠭᠤᠯᠵᠤ᠂ ᠬᠠᠷᠢᠯᠴᠠᠨ ᠬᠢᠨᠠᠯᠲᠠ ᠲᠠᠯᠪᠢᠵᠤ᠂ ᠬᠢᠨᠠᠨ ᠲᠣᠭᠲᠠᠭᠠᠬᠤ ᠠᠵᠢᠯ ᠤᠨ ᠲᠥᠪ ᠭᠤᠤᠯᠴᠢ ᠴᠢᠨᠠᠷ ᠪᠠ ᠲᠥᠪ ᠭᠤᠤᠯᠴᠢ ᠴᠢᠨᠠᠷ ᠢ ᠪᠠᠲᠤᠯᠠᠨ᠎ᠠ᠃      ᠬᠤᠶᠠᠷ ᠲᠤ᠂ ᠮᠠᠲ᠋ᠧᠷᠢᠶᠠᠯ ᠤᠨ ᠦᠨᠡᠨ ᠪᠣᠳᠠᠲᠠᠶ ᠪᠠᠶᠢᠬᠤ ᠶᠢ ᠪᠠᠲᠤᠯᠠᠵᠤ᠂ ᠰᠢᠯᠵᠢᠭᠦᠯᠦᠨ ᠬᠢᠨᠠᠨ ᠲᠣᠭᠲᠠᠭᠠᠬᠤ ᠠᠶᠤᠯ ᠲᠦᠭᠰᠢᠭᠦᠷᠢ ᠶᠢ ᠪᠠᠲᠤᠯᠠᠨ᠎ᠠ᠃ ᠪᠦᠲᠦᠭᠡᠨ ᠪᠠᠶᠢᠭᠤᠯᠬᠤ ᠨᠢᠭᠡᠴᠢ ᠶᠢᠨ ᠮᠡᠳᠡᠭᠦᠯᠦᠨ ᠬᠦᠷᠭᠡᠭᠰᠡᠨ ᠬᠢᠨᠠᠨ ᠲᠣᠭᠲᠠᠭᠠᠬᠤ ᠮᠠᠲ᠋ᠧᠷᠢᠶᠠᠯ ᠢ ᠴᠢᠩᠭ᠎ᠠ ᠬᠢᠨᠠᠨ ᠪᠠᠶᠢᠴᠠᠭᠠᠵᠤ᠂ ᠬᠦᠯᠢᠶᠡᠨ ᠠᠪᠬᠤ ᠮᠠᠲ᠋ᠧᠷᠢᠶᠠᠯ ᠤᠨ ᠦᠨᠡᠨ ᠪᠣᠳᠠᠲᠠᠶ ᠪᠥᠭᠡᠳ ᠪᠦᠲᠦᠮᠵᠢᠲᠡᠶ ᠪᠠᠶᠢᠬᠤ ᠶᠢ ᠪᠠᠲᠤᠯᠠᠵᠤ᠂ ᠬᠢᠨᠠᠨ ᠲᠣᠭᠲᠠᠭᠠᠬᠤ ᠲᠦᠭᠰᠢᠭᠦᠷᠢ ᠶᠢ ᠰᠢᠯᠵᠢᠭᠦᠯᠦᠨ᠎ᠡ᠃ ᠡᠭᠦᠨ ᠤ ᠬᠠᠮᠲᠤ᠂ ᠪᠥᠲᠥᠭᠡᠨ ᠪᠠᠶᠢᠭᠤᠯᠤᠯᠲᠠ ᠶᠢᠨ ᠨᠢᠭᠡᠴᠢ ᠶᠢ ᠠᠮᠠᠯᠠᠯᠲᠠ ᠶᠢᠨ ᠪᠢᠴᠢᠭ ᠲᠤ ᠭᠠᠷ ᠤᠨ ᠥᠰᠥᠭ ᠵᠢᠷᠤᠬᠤ ᠶᠢ ᠱᠠᠭᠠᠷᠳᠠᠵᠤ᠂ ᠮᠠᠲ᠋ᠧᠷᠢᠶᠠᠯ ᠤᠨ ᠦᠨᠡᠨ ᠪᠣᠳᠠᠲᠠᠶ ᠣᠨᠣᠪᠴᠢᠲᠠᠶ ᠪᠠᠶᠢᠬᠤ ᠶᠢ ᠪᠠᠲᠤᠯᠠᠬᠤ ᠶᠢᠨ ᠬᠠᠮᠲᠤ ᠡᠪᠬᠡᠮᠡᠯ ᠳᠤ ᠣᠷᠣᠭᠤᠯᠬᠤ ᠶᠢ ᠱᠠᠭᠠᠷᠳᠠᠪᠠ᠃ ᠬᠢᠨᠠᠨ ᠲᠣᠭᠲᠠᠭᠠᠬᠤ ᠠᠵᠢᠯᠲᠠᠨ ᠲᠤᠬᠠᠶ ᠶᠢᠨ ᠭᠠᠵᠠᠷ ᠲᠤᠨᠢ ᠪᠠᠶᠢᠴᠠᠭᠠᠨ ᠰᠢᠯᠭᠠᠵᠤ᠂ ᠠᠶᠤᠯ ᠲᠦᠭᠰᠢᠭᠦᠷᠢ ᠶᠢᠨ ᠬᠦᠴᠦᠨ ᠵᠦᠢᠯ ᠢ ᠣᠯᠵᠤ ᠮᠡᠳᠡᠪᠡᠯ ᠴᠠᠭ ᠲᠤᠬᠠᠶ ᠳᠤᠨᠢ ᠵᠦᠶ ᠵᠣᠬᠢᠰᠲᠠᠶ ᠰᠠᠨᠠᠭᠤᠯᠭ᠎ᠠ ᠳᠤᠷᠠᠳᠴᠤ᠂ ᠠᠶᠤᠯ ᠲᠦᠭᠰᠢᠭᠦᠷᠢ ᠶᠢᠨ ᠬᠦᠴᠦᠨ ᠵᠦᠢᠯ ᠢ ᠤᠯᠠᠮ ᠨᠢᠭᠡ ᠠᠯᠬᠤᠮ ᠥᠷᠭᠡᠳᠬᠡᠬᠦ ᠶᠢ ᠰᠡᠷᠭᠡᠶᠢᠯᠡᠨ᠎ᠡ᠃      ᠭᠤᠷᠪᠠ ᠳᠤ᠂ ᠰᠢᠨᠵᠢᠯᠡᠬᠦ ᠤᠬᠠᠭᠠᠨᠴᠢ ᠠᠷᠭ᠎ᠠ ᠶᠢ ᠬᠡᠷᠡᠭᠯᠡᠵᠦ᠂ ᠬᠢᠨᠠᠨ ᠲᠣᠭᠲᠠᠭᠠᠬᠤ ᠠᠶᠤᠯ ᠲᠦᠭᠰᠢᠭᠦᠷᠢ ᠶᠢ ᠪᠠᠭᠤᠷᠠᠭᠤᠯᠤᠨ᠎ᠠ᠃ ᠰᠢᠨᠵᠢᠯᠡᠬᠦ ᠤᠬᠠᠭᠠᠨᠴᠢ ᠪᠠᠷ ᠬᠢᠨᠠᠨ ᠲᠣᠭᠲᠠᠭᠠᠬᠤ ᠠᠷᠭ᠎ᠠ ᠶᠢ ᠬᠡᠷᠡᠭᠯᠡᠵᠦ᠂ ᠬᠢᠨᠠᠨ ᠲᠣᠭᠲᠠᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠬᠠᠮᠲᠤ ᠬᠢᠨᠠᠨ ᠲᠣᠭᠲᠠᠭᠠᠬᠤ ᠲᠦᠭᠰᠢᠭᠦᠷᠢ ᠶᠢ ᠪᠠᠭᠤᠷᠠᠭᠤᠯᠤᠨ᠎ᠠ᠃ ᠲᠣᠮᠣ ᠳ᠋ᠠᠶᠢᠲ᠋ᠠ ᠶᠢᠨ ᠮᠡᠷᠭᠡᠵᠢᠯ ᠤᠨ ᠬᠡᠷᠡᠭᠯᠡᠯᠲᠡ ᠨᠢ ᠬᠢᠨᠠᠨ ᠲᠣᠭᠲᠠᠭᠠᠬᠤ ᠰᠢᠰᠲ᠋ᠧᠮ ᠳᠤ ᠬᠡᠷᠡᠭᠯᠡᠵᠦ᠂ ᠬᠢᠨᠠᠨ ᠲᠣᠭᠲᠠᠭᠠᠬᠤ ᠠᠵᠢᠯᠲᠠᠨ ᠠᠩᠬᠠᠨ ᠤ ᠢᠨᠵᠧᠨᠧᠷᠢᠩ ᠤᠨ ᠲᠤᠭ᠎ᠠ ᠪᠠᠷᠢᠮᠲᠠ ᠶᠢᠨ ᠬᠤᠷᠠᠮᠳᠤᠭᠤᠯᠤᠯ ᠢ ᠨᠠᠩ ᠴᠢᠬᠤᠯᠠᠴᠢᠯᠠᠵᠤ᠂ ᠢᠨᠵᠧᠨᠧᠷᠢᠩ ᠤᠨ ᠲᠤᠭ᠎ᠠ ᠪᠠᠷᠢᠮᠲᠠ ᠶᠢᠨ ᠬᠥᠮᠥᠷᠭᠡ ᠶᠢ ᠪᠠᠶᠢᠭᠤᠯᠵᠤ᠂ ᠠᠵᠢᠯ ᠢ ᠵᠢᠯᠣᠭᠤᠳᠬᠤ ᠳᠤ ᠬᠡᠷᠡᠭᠯᠡᠵᠦ᠂ ᠬᠢᠨᠠᠨ ᠲᠣᠭᠲᠠᠭᠠᠬᠤ ᠣᠨᠣᠪᠴᠢᠲᠤ ᠴᠢᠨᠠᠷ ᠢ ᠳᠡᠭᠡᠭᠰᠢᠯᠡᠭᠦᠯᠦᠨ᠂ ᠬᠢᠨᠠᠨ ᠲᠣᠭᠲᠠᠭᠠᠬᠤ ᠲᠦᠭᠰᠢᠭᠦᠷᠢ ᠶᠢ ᠪᠠᠭᠤᠷᠠᠭᠤᠯᠤᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号