ᠡᠨᠡ ᠵᠢᠯ ᠠᠴᠠ ᠨᠠᠭᠠᠰᠢ᠂ ᠬᠦᠴᠦᠷᠬᠡᠭᠵᠢᠯ ᠵᠠᠮ ᠤᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ | ︽ᠠᠷᠠᠳ ᠤᠨ ᠬᠤᠲᠠ ᠶᠢ ᠠᠷᠠᠳ ᠲᠦᠮᠡᠨ ᠪᠠᠶᠢᠭᠤᠯᠬᠤ︾ ᠣᠶᠢᠯᠠᠭᠠᠭᠳᠠᠬᠤᠨ ᠢ ᠭᠦᠨᠵᠡᠭᠡᠶ ᠦᠢᠯᠡᠳᠦᠯᠭᠡᠵᠢᠭᠦᠯᠵᠦ᠂ | ᠣᠯᠠᠨ ᠲᠦᠮᠡᠨ ᠤ ᠪᠠᠴᠢᠮ ᠬᠦᠴᠢᠷᠳᠡᠯ ᠵᠣᠪᠠᠭᠤᠷᠢ ᠬᠦᠰᠡᠯ ᠡᠷᠡᠮᠡᠯᠵᠡᠯ ᠢ ᠰᠢᠢᠳᠪᠦᠷᠢᠯᠡᠬᠦ ᠪᠠᠷ ᠤᠳᠤᠷᠢᠳᠤᠮᠵᠢ | ᠪᠣᠯᠭᠠᠵᠤ᠂ ︽ᠰᠦᠯᠵᠢᠶᠡᠨ ᠳᠡᠭᠡᠷᠡᠬᠢ + ᠰᠦᠯᠵᠢᠶᠡᠨ ᠭᠠᠳᠠᠨᠠᠬᠢ︾ ᠪᠣᠰᠤᠭ᠎ᠠ ᠴᠣᠭᠴᠠᠲᠤ ᠠᠷᠠᠳ ᠤᠨ ᠰᠠᠨᠠᠭ᠎ᠠ ᠶᠢ | ᠴᠤᠭᠯᠠᠭᠤᠯᠬᠤ ᠰᠢᠰᠲ᠋ᠧᠮ ᠢ ᠰᠢᠨ᠎ᠡ ᠪᠠᠷ ᠡᠭᠦᠳᠴᠦ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠤᠨ ︽ᠺᠣᠳ᠋ ᠳᠡᠭᠡᠷ᠎ᠡ | ᠭᠦᠢᠴᠡᠳᠭᠡᠬᠦ︾᠂ ᠰᠠᠭᠤᠭᠠᠯᠢ ᠠᠷᠠᠳ ᠤᠨ ᠸᠢᠴᠠᠲ ᠤᠨ ᠴᠤᠭᠯᠠᠷᠠᠯ ᠢᠶᠠᠷ ︽ᠬᠤᠶᠠᠷ ᠠᠰᠠᠭᠤᠯᠲᠠ︾ ᠶᠢᠨ ᠠᠵᠢᠯ᠂ | ᠠᠷᠠᠳ ᠤᠨ ᠪᠠᠶᠢᠳᠠᠯ ᠢ ︽ᠨᠢᠭᠤᠷᠳᠠᠨ︾ ᠶᠠᠷᠢᠯᠴᠠᠬᠤ ᠬᠤᠷᠠᠯ᠂ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠯᠲᠠ ᠬᠢᠬᠦ | ︽ᠨᠠᠷᠢᠯᠢᠭ ᠤᠨᠤᠪᠴᠢᠲᠠᠢ ᠰᠢᠭᠰᠢᠬᠦ︾ ᠵᠡᠷᠭᠡ ᠣᠯᠠᠨ ᠡᠰᠢᠵᠢᠭᠰᠡᠨ ᠠᠷᠭ᠎ᠠ ᠵᠠᠮ ᠢᠶᠠᠷ ᠳᠠᠮᠵᠢᠭᠤᠯᠤᠨ᠂ ᠰᠠᠭᠤᠭᠠᠯᠢ | ᠠᠷᠠᠳ ᠤᠨ ᠰᠠᠨᠠᠯ ᠢ ᠨᠡᠶᠢᠲᠡ 1276 ᠵᠤᠷᠪᠤᠰ ᠴᠤᠭᠯᠠᠭᠤᠯᠵᠤ᠂ ᠰᠠᠭᠤᠭᠠᠯᠢ ᠬᠠᠭᠤᠴᠢᠨ ᠲᠣᠭᠤᠷᠢᠭ ᠤᠨ ᠴᠠᠬᠢᠯᠭᠠᠨ | ᠱᠠᠲᠤ ᠶᠢ ᠨᠡᠮᠡᠵᠦ ᠤᠭᠰᠠᠷᠠᠬᠤ᠂ ᠨᠡᠶᠢᠭᠡᠮ ᠲᠣᠭᠤᠷᠢᠭ ᠤᠨ ᠬᠤᠭᠤᠯᠠᠨ ᠬᠡᠷ ᠤᠨ ᠪᠥᠲᠥᠭᠡᠨ ᠪᠠᠶᠢᠭᠤᠯᠤᠯᠲᠠ᠂ ᠬᠠᠷᠮᠠᠨ | ᠴᠡᠴᠡᠷᠯᠢᠭ ᠢ ᠥᠭᠡᠷᠡᠴᠢᠯᠡᠬᠦ ᠵᠡᠷᠭᠡ 107 ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ | ᠬᠤᠪᠢᠷᠠᠭᠤᠯᠤᠨ ᠪᠦᠷᠢᠯᠳᠦᠭᠦᠯᠵᠦ᠂ ᠨᠠᠮ ᠤᠨ ᠪᠠᠶᠢᠭᠤᠯᠤᠯᠲᠠ ᠪᠠᠷ ᠬᠥᠲᠥᠯᠦᠨ ᠳᠠᠭᠠᠭᠤᠯᠬᠤ᠂ ᠲᠣᠭᠲᠠᠴᠠ ᠶᠢᠨ | ᠰᠢᠨ᠎ᠡ ᠶᠢ ᠡᠭᠦᠳᠬᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ | ᠠᠷᠭ᠎ᠠ ᠵᠠᠮ ᠢ ᠬᠠᠶᠢᠨ ᠰᠦᠪᠡᠭᠴᠢᠯᠡᠪᠡ᠃ | ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠪᠠᠷ ᠬᠦᠴᠦᠯᠡᠵᠦ᠂ ᠠᠷᠠᠳ ᠤᠨ ᠰᠠᠨᠠᠭ᠎ᠠ ᠶᠢ ᠪᠠᠲᠤ | ᠪᠠᠬᠢ ︽ᠭᠤᠣᠯ ᠵᠢᠭᠰᠠᠭᠠᠯ ᠤᠨ ᠭᠠᠵᠠᠷ︾ ᠢ ᠪᠠᠬᠢᠵᠢᠭᠦᠯᠪᠡ | ᠨᠠᠮ ᠤᠨ ᠤᠳᠤᠷᠢᠳᠤᠯᠭ᠎ᠠ ᠶᠢ ᠦᠨᠳᠦᠰᠦᠨ ᠱᠠᠲᠤᠨ ᠤ ᠵᠠᠰᠠᠯᠲᠠ ᠶᠢᠨ ᠪᠦᠬᠦ ᠶᠠᠪᠤᠴᠠ ᠳᠤ | ᠲᠤᠭᠤᠰᠢᠯᠠᠭᠤᠯᠬᠤ ᠶᠢ ᠪᠠᠷᠢᠮᠲᠠᠯᠠᠵᠤ᠂ ︽ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶ᠎ᠠ - ᠨᠡᠶᠢᠭᠡᠮ | ᠲᠣᠭᠤᠷᠢᠭ ᠤᠨ ᠨᠠᠮ ᠤᠨ ᠬᠤᠷᠢᠶ᠎ᠠ - ᠲᠣᠣᠷᠵᠢᠯ ᠤᠨ ᠨᠠᠮ ᠤᠨ ᠡᠭᠦᠷ - ᠠᠰᠠᠷ ᠤᠨ ᠨᠠᠮ ᠤᠨ ᠳᠤᠭᠤᠶᠢᠯᠠᠩ︾ ᠤᠨ | ᠲᠦᠷᠪᠡᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠪᠠᠶᠢᠭᠤᠯᠵᠤ᠂ ᠠᠷᠠᠳ ᠤᠨ ᠰᠠᠨᠠᠭ᠎ᠠ ᠶᠢ | ᠴᠤᠭᠯᠠᠭᠤᠯᠬᠤ ᠪᠠ ᠨᠠᠮ ᠤᠨ ᠪᠠᠶᠢᠭᠤᠯᠤᠯᠲᠠ ᠶᠢᠨ ᠠᠵᠢᠯ ᠤᠨ ᠭᠦᠨᠵᠡᠭᠡᠢ ᠠᠭᠤᠰᠤᠯᠴᠠᠯ ᠢ ᠠᠬᠢᠭᠤᠯᠤᠨ᠎ᠠ᠃ | ︽ᠭᠤᠷᠪᠠᠨ ᠨᠠᠷᠢᠨ ᠲᠠᠩᠰᠠ︾ ᠶᠢᠨ ᠠᠵᠢᠯ ᠤᠨ ᠠᠷᠭ᠎ᠠ ᠳᠤ ᠰᠢᠨ᠎ᠡ ᠶᠢ ᠡᠭᠦᠳᠦᠨ᠎ᠡ᠄ ᠬᠡᠷᠡᠭᠴᠡᠭᠡ ᠱᠠᠭᠠᠷᠳᠠᠯᠭ᠎ᠠ ᠶᠢᠨ | ᠨᠠᠷᠢᠨ ᠲᠠᠩᠰᠠ ᠶᠢ ᠬᠥᠳᠡᠯᠦᠩᠭᠦᠶ ᠪᠠᠷ ᠰᠢᠨᠡᠳᠬᠡᠬᠦ ᠲᠣᠭᠲᠠᠴᠠ ᠶᠢ ᠪᠠᠶᠢᠭᠤᠯᠵᠤ᠂ ︽ᠰᠦᠯᠵᠢᠶᠡᠨ ᠳᠡᠭᠡᠷᠡᠬᠢ ᠣᠶᠤᠨᠴᠢ | ᠠᠰᠠᠭᠤᠯᠲᠠ ᠶᠢᠨ ᠬᠠᠭᠤᠳᠠᠰᠤ + ᠰᠦᠯᠵᠢᠶᠡᠨ ᠭᠠᠳᠠᠨ᠎ᠠ ᠡᠷᠦᠬᠡ ᠳᠤ ᠬᠦᠷᠴᠦ ᠰᠤᠷᠪᠤᠯᠵᠢᠯᠠᠬᠤ︾ ᠬᠤᠤᠰ | ᠱᠤᠭᠤᠮ ᠢᠶᠠᠷ ᠳᠠᠮᠵᠢᠭᠤᠯᠤᠨ᠂ ᠡᠯ᠎ᠡ ᠪᠥᠬᠦ ᠨᠠᠰᠤᠨ ᠤ ᠬᠡᠮᠵᠢᠶ᠎ᠡ ᠶᠢ ᠪᠦᠬᠦᠨ ᠢ ᠬᠠᠮᠤᠷᠬᠤ ᠶᠢ ᠪᠡᠶᠡᠯᠡᠭᠦᠯᠪᠡ︔ ᠲᠥᠷᠥᠯ | ᠵᠦᠢᠯ ᠤᠨ ᠨᠠᠷᠢᠨ ᠬᠠᠭᠤᠳᠠᠰᠤ ᠶᠢ ᠲᠥᠷᠥᠯ ᠬᠤᠪᠢᠶᠠᠨ ᠬᠠᠮᠢᠶᠠᠷᠴᠤ᠂ ᠠᠷᠠᠳ ᠤᠨ ᠠᠮᠢᠳᠤᠷᠠᠯ ᠤᠨ 107 ᠵᠦᠢᠯᠡᠰ ᠢ | ᠨᠠᠮ ᠤᠨ ᠪᠠᠶᠢᠭᠤᠯᠤᠯᠲᠠ ᠶᠢᠨ ᠪᠢᠴᠢᠯ ᠪᠣᠳᠠᠲᠤ ᠶᠠᠪᠤᠳᠠᠯ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ᠂ ᠰᠤᠷᠲᠠᠯ | ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠲᠥᠷᠥᠯ ᠵᠦᠢᠯ᠂ ᠣᠷᠣᠨ ᠪᠦᠰᠡ ᠶᠢᠨ ᠪᠦᠯᠦᠭᠯᠡᠯ ᠵᠢᠴᠢ ᠵᠡᠭᠡᠯᠢ | ᠭᠤᠳᠤᠮᠵᠢ ᠶᠢᠨ ᠲᠥᠷᠥᠯ ᠵᠦᠢᠯ ᠵᠡᠷᠭᠡ 4 ᠶᠡᠭᠡ ᠲᠥᠷᠥᠯ ᠢᠶᠠᠷ ᠬᠤᠪᠢᠶᠠᠷᠢᠯᠠᠨ᠎ᠠ︔ ᠬᠠᠷᠢᠭᠤᠴᠠᠯᠭ᠎ᠠ ᠶᠢᠨ ᠨᠠᠷᠢᠨ | ᠲᠠᠩᠰᠠ ᠶᠢ ᠨᠠᠶᠢᠳᠠᠪᠤᠷᠢᠵᠢᠭᠤᠯᠵᠤ᠂ ᠬᠠᠷᠢᠭᠤᠴᠠᠯᠭᠠᠲᠤ ᠰᠠᠯᠠᠭ᠎ᠠ ᠮᠥᠴᠢᠷ᠂ ᠪᠡᠶᠡᠯᠡᠭᠦᠯᠬᠦ ᠴᠠᠭ ᠤᠨ ᠬᠢᠵᠠᠭᠠᠷ ᠪᠠ | ᠰᠢᠯᠭᠠᠨ ᠠᠪᠬᠤ ᠪᠠᠷᠢᠮᠵᠢᠶ᠎ᠠ ᠶᠢ ᠲᠣᠳᠣᠷᠬᠠᠶᠢᠯᠠᠨ᠎ᠠ᠃ ᠵᠢᠱᠢᠶᠡᠯᠡᠪᠡᠯ᠂ ︽ᠰᠢᠨ᠎ᠡ︾ ᠶᠢ ᠤᠮᠳᠠᠯᠠᠬᠤ ᠳᠤ ᠰᠡᠳᠬᠢᠯ | ᠰᠢᠮᠰᠢᠷᠡᠵᠦ᠂ ᠵᠣᠯ ᠵᠢᠷᠭᠠᠯᠲᠤ ᠬᠦᠷᠦᠯᠴᠡᠬᠦ ᠲᠦᠷᠦᠯ ᠵᠦᠢᠯ ᠳᠤ ᠹᠦ᠋ ᠿᠦᠨ ᠨᠡᠶᠢᠭᠡᠮ ᠲᠣᠭᠤᠷᠢᠭ ᠤᠨ ᠬᠢᠨ | ︽ᠬᠦᠷᠭᠡᠭᠴᠢ ᠶᠢᠨ ᠭᠠᠵᠠᠷ ᠤᠨ ᠵᠢᠷᠤᠭ︾ ᠢᠶᠠᠷ ᠬᠠᠷᠢᠶ᠎ᠠ ᠣᠷᠣᠨ ᠤ ᠮᠡᠳᠡᠭᠡ ᠵᠠᠩᠭᠢ ᠶᠢ ᠨᠡᠶᠢᠳᠬᠡᠭᠰᠡᠨ ᠪᠥᠭᠡᠳ | ᠨᠢᠭᠡᠨᠲᠡ ᠤᠭᠰᠠᠷᠠᠭᠰᠠᠨ ᠬᠦᠷᠭᠡᠭᠴᠢ ᠶᠢᠨ ᠭᠠᠵᠠᠷ ᠤᠨ ᠵᠢᠷᠤᠭ ᠳᠡᠭᠡᠷ᠎ᠡ ︽ᠬᠦᠷᠭᠡᠭᠴᠢ ᠶᠢᠨ ᠨᠥᠬᠦᠷᠰᠡᠭ ᠵᠡᠭᠡᠯᠢ | ᠲᠣᠭᠤᠷᠢᠭ︾ ᠢ ᠵᠢᠷᠤᠵᠤ ᠦᠢᠯᠡᠳᠴᠦ᠂ ᠬᠦᠷᠭᠡᠭᠴᠢ ᠳᠤ ᠬᠠᠷᠢᠶ᠎ᠠ ᠣᠷᠣᠨ ᠤ ᠴᠠᠬᠢᠯᠭᠠᠨ ᠴᠡᠨᠡᠭᠯᠡᠬᠦ᠂ ᠲᠡᠷᠭᠡ | ᠵᠣᠭᠰᠣᠭᠠᠬᠤ᠂ ᠬᠤᠭᠤᠯᠠ ᠢᠳᠡᠬᠦ᠂ ᠠᠮᠠᠷᠠᠨ ᠠᠮᠠᠷᠠᠬᠤ ᠵᠡᠷᠭᠡ ᠦᠢᠯᠡᠴᠢᠯᠡᠭᠡᠨ ᠤ ᠴᠡᠭ ᠢ ᠬᠠᠩᠭᠠᠵᠤ᠂ ︽ᠬᠦᠷᠭᠡᠭᠴᠢ | ᠶᠢᠨ ᠨᠥᠬᠦᠷᠰᠡᠭ ᠨᠡᠶᠢᠭᠡᠮ ᠲᠣᠭᠤᠷᠢᠭ︾ ᠢ ᠪᠠᠶᠢᠭᠤᠯᠵᠠᠢ᠃ | ᠲᠣᠭᠲᠠᠴᠠ ᠶᠢᠨ ᠰᠢᠨ᠎ᠡ ᠶᠢ ᠡᠭᠦᠳᠬᠦ ᠪᠠᠷ ᠬᠦᠴᠦᠯᠡᠵᠦ᠂ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢᠨ ︽ᠪᠦᠬᠦ | ᠬᠡᠯᠬᠢᠶ᠎ᠡ︾ ᠶᠢ ᠪᠠᠶᠢᠭᠤᠯᠤᠨ᠎ᠠ | ︽ᠴᠤᠭᠯᠠᠭᠤᠯᠬᠤ - ᠰᠤᠳᠤᠯᠤᠨ ᠮᠠᠭᠠᠳᠯᠠᠬᠤ - ᠭᠦᠢᠴᠡᠳᠭᠡᠬᠦ - ᠬᠠᠷᠢᠭᠤ ᠲᠤᠰᠬᠠᠬᠤ - ᠦᠨᠡᠯᠡᠬᠦ︾ ᠲᠠᠪᠤᠨ | ᠠᠯᠬᠤᠮ ᠤᠨ ᠠᠵᠢᠯ ᠤᠨ ᠠᠷᠭ᠎ᠠ ᠶᠢ ᠪᠠᠶᠢᠭᠤᠯᠵᠤ᠂ ᠪᠦᠷᠢᠨ ᠪᠦᠲᠦᠨ ᠵᠠᠰᠠᠯᠲᠠ ᠶᠢᠨ ᠪᠢᠲᠡᠭᠦᠦ ᠴᠠᠭᠠᠷᠢᠭ ᠢ ᠪᠤᠢ | ᠪᠣᠯᠭᠠᠨ᠎ᠠ᠃ ᠬᠦᠴᠦᠷᠬᠡᠭᠵᠢᠯ e ᠭᠡᠷ ᠪᠦᠯᠢ ᠶᠢᠨ ᠣᠯᠠᠨ ᠨᠡᠶᠢᠲᠡ ᠶᠢᠨ ᠲᠠᠪᠴᠠᠩ ᠳᠤ ︽ᠠᠷᠠᠳ ᠤᠨ ᠪᠠᠶᠢᠳᠠᠯ ᠤᠨ | ᠰᠢᠭᠤᠳ ᠨᠡᠪᠲᠡᠷᠡᠬᠦ ᠲᠡᠷᠭᠡ︾ ᠶᠢᠨ ᠬᠡᠰᠡᠭ ᠢ ᠨᠡᠭᠡᠭᠡᠵᠦ᠂ ᠪᠠᠶᠢᠩᠭᠤ ᠶᠢᠨ ᠰᠠᠨᠠᠯ ᠪᠠ ᠠᠰᠠᠭᠤᠳᠠᠯ ᠢ ᠴᠤᠭᠯᠠᠭᠤᠯᠬᠤ ᠪᠠ | ᠬᠠᠷᠢᠭᠤ ᠲᠤᠰᠬᠠᠬᠤ ᠠᠵᠢᠯ ᠢ ᠥᠷᠨᠢᠭᠦᠯᠵᠦ᠂ ︽ᠲᠠᠭᠯᠠᠭᠰᠠᠨ ᠬᠠᠭᠤᠳᠠᠰᠤ ᠪᠠᠶᠢᠪᠠᠯ ᠳᠠᠷᠤᠶ ᠭᠥᠯᠢᠶᠡᠨ ᠠᠪᠴᠤ᠂ | ᠭᠥᠯᠢᠶᠡᠨ ᠠᠪᠤᠪᠠᠯ ᠳᠠᠷᠤᠶ ᠰᠢᠢᠳᠪᠦᠷᠢᠯᠡᠬᠦ︾ ᠶᠢ ᠪᠡᠶᠡᠯᠡᠭᠦᠯᠦᠨ᠎ᠡ᠃ ᠱᠠᠲᠤ ᠬᠤᠪᠢᠶᠠᠨ ᠰᠢᠢᠳᠪᠦᠷᠢᠯᠡᠬᠦ ᠲᠣᠭᠲᠠᠴᠠ ᠶᠢ | ᠬᠡᠷᠡᠭᠵᠢᠭᠦᠯᠵᠦ᠂ ᠠᠰᠠᠭᠤᠳᠠᠯ ᠢ ︽ᠤᠯᠠᠭᠠᠨ ᠰᠢᠷ᠎ᠠ ᠬᠥᠬᠡ︾ ᠭᠤᠷᠪᠠᠨ ᠲᠠᠰ ᠬᠤᠪᠢᠶᠠᠨ᠎ᠠ᠄ ᠲᠥᠬᠦᠮ ᠵᠦᠢᠯᠡᠰ ᠢ 48 | ᠴᠠᠭ ᠰᠢᠢᠳᠪᠦᠷᠢᠯᠡᠨ ᠳᠠᠭᠤᠰᠬᠠᠵᠤ᠂ ᠪᠤᠳᠤᠯᠢᠶᠠᠨᠲᠠᠶ ᠠᠰᠠᠭᠤᠳᠠᠯ ᠢ 7 ᠡᠳᠦᠷ ᠤᠨ ᠳᠣᠲᠣᠷ᠎ᠠ ᠲᠥᠰᠦᠯ | ᠪᠦᠷᠢᠯᠳᠦᠭᠦᠯᠵᠦ᠂ ᠴᠢᠬᠤᠯᠠ ᠶᠡᠭᠡ ᠵᠦᠶ᠋ᠯᠡᠰ ᠢ ᠵᠡᠭᠡᠯᠢ ᠭᠤᠳᠤᠮᠵᠢ ᠶᠢᠨ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠪᠢᠯᠧᠲ ᠥᠭᠬᠦ ᠲᠦᠷᠢᠮ ᠳᠤ ᠣᠷᠣᠭᠤᠯᠪᠠ᠃ ︽ᠬᠤᠣᠰ ᠱᠤᠭᠤᠮ ᠢᠶᠠᠷ ᠰᠢᠮᠳᠠᠭᠤᠯᠤᠨ ᠭᠦᠢᠴᠡᠳᠬᠡᠬᠦ︾ | ᠲᠦᠷᠢᠮ ᠤᠨ ᠰᠢᠨ᠎ᠡ ᠶᠢ ᠡᠭᠦᠳᠴᠦ᠂ ᠰᠦᠯᠵᠢᠶᠡᠨ ᠳᠡᠭᠡᠷ᠎ᠡ 12345 ᠵᠠᠰᠠᠭ ᠤᠨ ᠶᠠᠪᠤᠳᠠᠯ ᠤᠨ ᠲᠠᠪᠴᠠᠩ ᠵᠢᠴᠢ | ︽ᠠᠷᠠᠳ ᠤᠨ ᠪᠠᠶᠢᠳᠠᠯ ᠤᠨ ᠰᠢᠭᠤᠳ ᠨᠡᠪᠲᠡᠷᠡᠬᠦ ᠲᠡᠷᠭᠡ︾ ᠪᠠᠷ ᠳᠠᠮᠵᠢᠭᠤᠯᠤᠨ ᠠᠰᠠᠭᠤᠳᠠᠯ ᠢ ᠢᠯᠡᠷᠡᠭᠦᠯᠵᠦ᠂ | ᠰᠦᠯᠵᠢᠶᠡᠨ ᠭᠠᠳᠠᠨ᠎ᠠ ᠨᠡᠶᠢᠭᠡᠮ ᠲᠣᠭᠤᠷᠢᠭ ᠤᠨ ᠱᠦᠵᠢ᠂ ᠡᠷᠬᠢᠯᠡᠭᠴᠢ᠂ ᠰᠦᠯᠵᠢᠶᠡᠨ ᠤ ᠠᠵᠢᠯᠲᠠᠨ᠂ ᠵᠡᠭᠡᠯᠢ | ᠭᠤᠳᠤᠮᠵᠢ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠᠷ ᠪᠦᠷᠢᠯᠳᠦᠭᠰᠡᠨ ᠬᠢᠨᠠᠯᠲᠠ ᠲᠠᠯᠪᠢᠬᠤ ᠪᠦᠯᠬᠦᠮ ᠢ | ᠵᠣᠬᠢᠶᠠᠨ ᠪᠠᠶᠢᠭᠤᠯᠵᠤ᠂ ᠠᠰᠠᠭᠤᠳᠠᠯ ᠢ ᠭᠥᠯᠢᠶᠡᠨ ᠠᠪᠴᠤ ᠰᠢᠢᠳᠪᠦᠷᠢᠯᠡᠬᠦ ᠵᠢᠴᠢ ᠰᠢᠢᠳᠪᠦᠷᠢᠯᠡᠭᠰᠡᠨ ᠪᠠᠶᠢᠳᠠᠯ ᠢ | ᠲᠣᠭᠲᠠᠮᠠᠯ ᠬᠤᠭᠤᠴᠠᠭ᠎ᠠ ᠲᠠᠢ ᠪᠠᠷ ᠰᠢᠮᠳᠠᠭᠤᠯᠤᠨ ᠰᠢᠢᠳᠪᠦᠷᠢᠯᠡᠭᠦᠯᠬᠦ ᠠᠵᠢᠯ ᠢ ᠥᠷᠨᠢᠭᠦᠯᠵᠦ᠂ ᠠᠵᠢᠯ ᠤᠨ | ᠬᠠᠭᠤᠳᠠᠰᠤ ᠶᠢᠨ ᠬᠠᠷᠢᠭᠤ ᠥᠭᠬᠦ ᠨᠤᠷᠮ᠎ᠠ᠂ ᠰᠢᠢᠳᠪᠦᠷᠢᠯᠡᠬᠦ ᠨᠤᠷᠮ᠎ᠠ᠂ ᠬᠠᠨᠤᠮᠵᠢ ᠶᠢᠨ ᠨᠤᠷᠮ᠎ᠠ ᠶᠢ ᠳᠡᠭᠡᠭᠰᠢᠯᠡᠭᠦᠯᠪᠡ᠃ | ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠪᠠᠷ ᠬᠦᠴᠦᠯᠡᠵᠦ᠂ ᠣᠯᠠᠨ ᠡᠰᠢᠲᠦ ᠬᠠᠮᠲᠤ ᠪᠠᠷ ᠵᠠᠰᠠᠬᠤ | ︽ᠢᠵᠢᠯ ᠲᠥᠪᠲᠦ ᠲᠣᠭᠤᠷᠢᠭ︾ ᠢ ᠵᠢᠷᠤᠨ᠎ᠠ | ︽ᠨᠡᠶᠢᠭᠡᠮ ᠲᠣᠭᠤᠷᠢᠭ ᠤᠨ ᠬᠠᠮᠲᠤᠷᠠᠨ ᠬᠥᠳᠡᠯᠦᠯᠴᠡᠬᠦ︾ ᠲᠣᠭᠲᠠᠴᠠ ᠶᠢ ᠭᠦᠨᠵᠡᠭᠡᠶᠢᠷᠡᠭᠦᠯᠵᠦ᠂ ᠨᠡᠶᠢᠭᠡᠮ | ᠲᠣᠭᠤᠷᠢᠭ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠠᠵᠤ ᠦᠢᠯᠡᠳᠪᠦᠷᠢ᠂ ᠨᠡᠶᠢᠭᠡᠮ ᠤᠨ ᠡᠬᠢ ᠪᠠᠶᠠᠯᠢᠭ᠂ | ᠨᠡᠶᠢᠭᠡᠮ ᠲᠣᠭᠤᠷᠢᠭ ᠤᠨ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ ᠬᠦᠴᠦᠨ ᠢ ᠡᠮᠬᠢᠯᠡᠨ ᠨᠡᠶᠢᠯᠡᠭᠦᠯᠵᠦ᠂ | ︽ᠨᠡᠶᠢᠭᠡᠮ ᠲᠣᠭᠤᠷᠢᠭ ᠤᠨ ᠵᠠᠰᠠᠯᠲᠠ ᠶᠢᠨ ᠬᠤᠷᠰᠢᠭᠴᠢ︾ ᠶᠢᠨ ᠬᠤᠯᠪᠣᠭ᠎ᠠ ᠶᠢ ᠪᠠᠶᠢᠭᠤᠯᠵᠤ᠂ ᠬᠠᠷᠢᠶ᠎ᠠ ᠣᠷᠣᠨ ᠤ | ᠨᠢᠭᠡᠴᠢ᠂ ᠠᠳᠠᠯ ᠠᠬᠤᠢ ᠶᠢᠨ ᠺᠣᠮᠫᠠᠨᠢ᠂ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠵᠣᠬᠢᠶᠠᠨ ᠪᠠᠶᠢᠭᠤᠯᠤᠯᠲᠠ᠂ ᠰᠠᠶᠢᠨ | ᠳᠤᠷ᠎ᠠ ᠶᠢᠨ ᠦᠢᠯᠡᠴᠢᠯᠡᠭᠡᠨ ᠤ ᠡᠩᠨᠡᠭᠡ ᠵᠡᠷᠭᠡ ᠪᠦᠷᠢᠯᠳᠦᠬᠦᠨ ᠨᠢᠭᠡᠴᠢ ᠶᠢ ᠰᠢᠩᠭᠡᠭᠡᠨ ᠠᠪᠤᠨ᠎ᠠ᠃ ᠬᠦᠴᠦᠷᠬᠡᠭᠵᠢᠯ | ᠵᠠᠮ ᠤᠨ ᠵᠡᠭᠡᠯᠢ ᠭᠤᠳᠤᠮᠵᠢ ᠪᠣᠯᠤᠨ ᠪᠤᠭᠤᠲᠤ ᠶᠢᠨ ᠮᠠᠰᠢᠨ ᠴᠠᠬᠢᠯᠭᠠᠨ ᠤ ᠠᠵᠤ ᠦᠢᠯᠡᠳᠪᠦᠷᠢ ᠶᠢᠨ ᠠᠵᠢᠯ | ᠮᠡᠷᠭᠡᠵᠢᠯ ᠤᠨ ᠰᠤᠷᠭᠠᠭᠤᠯᠢ ᠭᠦᠨᠵᠡᠭᠡᠶ ᠬᠠᠮᠲᠤᠷᠠᠯᠴᠠᠵᠤ᠂ ᠬᠠᠷᠢᠶᠠᠲᠤ ᠣᠷᠣᠨ ᠳᠤ ᠨᠡᠶᠢᠭᠡᠮ ᠲᠣᠭᠤᠷᠢᠭ ᠤᠨ ᠰᠤᠷᠭᠠᠨ | ᠬᠥᠮᠦᠵᠢᠯ ᠢ ᠬᠠᠨᠳᠤᠯᠭᠠᠲᠤ ᠴᠢᠨᠠᠷᠲᠠᠶ ᠪᠠᠷ ᠥᠷᠨᠢᠭᠦᠯᠵᠦ᠂ ︽ᠬᠠᠮ ᠲᠡᠷᠭᠡ︾ ᠪᠠ ︽ᠶᠤᠸᠠᠢ ᠯᠢᠩ ᠰᠤᠷᠭᠠᠭᠤᠯᠢ︾ ᠵᠡᠷᠭᠡ | ᠨᠠᠰᠤᠲᠠᠶᠢᠴᠤᠳ ᠤᠨ ᠰᠤᠷᠭᠠᠨ ᠬᠥᠮᠦᠵᠢᠯ ᠤᠨ ᠬᠢᠴᠢᠶᠡᠯ ᠢ ᠬᠠᠨᠳᠤᠯᠭᠠᠲᠤ ᠴᠢᠨᠠᠷᠲᠠᠶ ᠪᠠᠷ ᠥᠷᠨᠢᠭᠦᠯᠵᠦ᠂ ᠰᠠᠭᠤᠭᠠᠯᠢ | ᠠᠷᠠᠳ ᠤᠨ ᠠᠮᠢᠳᠤᠷᠠᠯ ᠢ ᠲᠠᠰᠤᠷᠠᠯᠲᠠ ᠥᠬᠡᠶ ᠪᠠᠶᠠᠯᠢᠭᠵᠢᠭᠤᠯᠤᠨ᠎ᠠ᠃ ᠵᠡᠭᠡᠯᠢ ᠭᠤᠳᠤᠮᠵᠢ ᠶᠢᠨ ᠬᠢᠨ ᠪᠠᠰᠠ ︽ᠰᠦ ᠹᠦ᠋ | ᠯᠢᠨ ᠡᠷᠬᠢᠯᠡᠭᠴᠢ ᠶᠢᠨ ᠠᠵᠢᠯᠯᠠᠬᠤ ᠲᠠᠰᠤᠭ︾᠂ ︽ᠵᠤᠤ ᠴᠢᠩ ᠵᠢᠶᠦ᠋ᠨ ᠡᠷᠬᠢᠯᠡᠭᠴᠢ ᠶᠢᠨ ᠠᠵᠢᠯᠯᠠᠬᠤ ᠲᠠᠰᠤᠭ︾ ᠢ | ᠪᠠᠶᠢᠭᠤᠯᠵᠤ᠂ ᠨᠡᠶᠢᠭᠡᠮ ᠲᠣᠭᠤᠷᠢᠭ ᠤᠨ ᠠᠵᠢᠯ ᠠᠴᠠ ᠪᠠᠨ ᠠᠮᠠᠷᠠᠭᠰᠠᠨ ᠨᠠᠮ ᠤᠨ ᠭᠡᠰᠢᠭᠦᠨ᠂ ᠬᠠᠯᠠᠭᠤᠨ ᠰᠡᠳᠬᠢᠯᠲᠦ | ᠤᠯᠠᠨ ᠲᠦᠮᠡᠨ ︽ᠵᠢᠵᠢᠭ ᠭᠤᠳᠤᠮᠵᠢ ᠶᠢᠨ ᠬᠠᠮᠢᠶᠠᠷᠤᠭᠴᠢ︾ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠶᠢ | ᠵᠣᠬᠢᠶᠠᠨ ᠪᠠᠶᠢᠭᠤᠯᠵᠤ᠂ ᠬᠤᠪᠢ ᠬᠤᠷᠠᠮᠳᠤᠭᠤᠯᠬᠤ ᠶᠢ ᠤᠷᠮᠠᠰᠢᠭᠤᠯᠬᠤ ᠲᠣᠭᠲᠠᠴᠠ ᠶᠢᠨ ᠰᠢᠨ᠎ᠡ ᠶᠢ ᠡᠭᠦᠳᠴᠦ᠂ | ᠰᠠᠭᠤᠭᠠᠯᠢ ᠠᠷᠠᠳ ᠰᠠᠶᠢᠨ ᠳᠤᠷ᠎ᠠ ᠶᠢᠨ ᠦᠢᠯᠡᠴᠢᠯᠡᠭᠡᠨ ᠤ ᠬᠤᠷᠠᠮᠳᠤᠭᠤᠯᠤᠭᠰᠠᠨ ᠬᠤᠪᠢ᠂ ᠨᠠᠮ ᠤᠨ ᠭᠡᠰᠢᠭᠦᠨ ᠤ | ᠬᠤᠷᠠᠮᠳᠤᠭᠤᠯᠤᠭᠰᠠᠨ ᠬᠤᠪᠢ ᠢᠶᠠᠨ ᠬᠡᠷᠡᠭᠯᠡᠨ ᠦᠨᠳᠦᠰᠦᠲᠡᠨ ᠤ ᠪᠦᠯᠬᠦᠮᠳᠡᠯ ᠬᠡᠳᠦ ᠳᠡᠯᠭᠡᠭᠦᠷ ᠲᠤ ᠬᠦᠷᠴᠦ ᠠᠮᠤ | ᠪᠤᠳᠠᠭ᠎ᠠ᠂ ᠭᠤᠯᠢᠷ᠂ ᠲᠤᠰᠤ ᠵᠡᠷᠭᠡ ᠡᠳᠦᠷ ᠲᠤᠳᠤᠮ ᠤᠨ ᠬᠡᠷᠡᠭᠰᠡᠯ ᠢ ᠰᠣᠯᠢᠵᠤ ᠪᠣᠯᠤᠨ᠎ᠠ︔ ᠪᠠᠰᠠ ᠨᠡᠶᠢᠭᠡᠮ | ᠲᠣᠭᠤᠷᠢᠭ ᠲᠤ ᠬᠦᠷᠴᠦ ᠡᠮᠴᠢᠯᠡᠭᠡ ᠰᠤᠪᠢᠯᠠᠯᠲᠠ ᠶᠢᠨ ᠡᠷᠡᠭᠦᠯ ᠮᠡᠨᠳᠦ᠂ ᠹᠢᠽᠢᠺ ᠵᠠᠰᠠᠯ ᠵᠡᠷᠭᠡ ᠨᠡᠶᠢᠭᠡᠮ | ᠲᠣᠭᠤᠷᠢᠭ ᠤᠨ ᠦᠢᠯᠡᠴᠢᠯᠡᠭᠡ ᠰᠤᠯᠢᠵᠦ ᠪᠤᠯᠬᠤ ᠪᠦᠭᠡᠳ ︽ᠬᠡᠷᠡᠭᠴᠡᠭᠡ - ᠦᠢᠯᠡᠴᠢᠯᠡᠭᠡ - ᠬᠠᠷᠢᠭᠤᠯᠬᠤ︾ ᠰᠠᠶᠢᠨ | ᠣᠷᠴᠢᠯ ᠢ ᠪᠤᠢ ᠪᠤᠯᠭᠠᠪᠠ᠃ ︽ᠵᠡᠭᠡᠯᠢ ᠭᠤᠳᠤᠮᠵᠢ ᠳᠤ ᠱᠦᠭᠯᠦ ᠦᠯᠢᠶᠡᠵᠦ᠂ ᠰᠠᠯᠠᠭ᠎ᠠ ᠮᠥᠴᠢᠷ ᠨᠡᠷ᠎ᠡ ᠮᠡᠳᠡᠭᠦᠯᠬᠦ︾ | ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠲᠤᠭᠤᠷᠢᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠲᠠᠢ | ᠬᠤᠯᠪᠣᠭᠠᠯᠠᠨ ᠬᠥᠳᠡᠯᠦᠯᠴᠡᠵᠦ᠂ ᠰᠠᠭᠤᠭᠠᠯᠢ ᠠᠷᠠᠳ ᠣᠯᠠᠨ ᠤ ᠪᠠᠴᠢᠮ ᠪᠡᠷᠬᠡ ᠵᠣᠪᠠᠨᠢᠯ ᠤᠨ ᠠᠰᠠᠭᠤᠳᠠᠯ ᠢ | ᠰᠢᠢᠳᠪᠦᠷᠢᠯᠡᠬᠦ ᠶᠢ ᠬᠠᠮᠲᠤ ᠪᠠᠷ ᠲᠦᠯᠬᠢᠨ ᠠᠬᠢᠭᠤᠯᠵᠤ᠂ ︽ᠭᠠᠷᠠᠭ ᠤᠨ ᠲᠠᠪᠤᠨ︾ ᠤ ᠠᠯᠪᠠᠨ ᠵᠢᠷᠤᠮ ᠤᠨ ᠬᠥᠳᠡᠯᠮᠦᠷᠢ | ᠨᠢᠭᠡᠨᠲᠡ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠭᠰᠠᠨ ᠨᠡᠶᠢᠲᠡᠯᠢᠭ ᠬᠡᠷᠡᠭ ᠤᠨ ᠵᠢᠱᠢᠶ᠎ᠡ ᠪᠠ ᠣᠨᠴᠠᠯᠢᠭᠲᠤ | ᠨᠠᠷᠠᠲᠤ ᠲᠡᠮᠳᠡᠭ ᠪᠣᠯᠤᠭᠰᠠᠨ ᠪᠠᠶᠢᠨ᠎ᠠ᠃ | ᠣᠯᠠᠨ ᠵᠢᠯ ᠤᠨ ᠦᠢᠯᠡᠳᠦᠯᠭᠡ ᠪᠠᠷ ᠳᠠᠮᠵᠢᠨ᠂ ᠬᠦᠴᠦᠷᠬᠡᠭᠵᠢᠯ ᠵᠠᠮ ᠤᠨ ᠵᠡᠭᠡᠯᠢ ᠭᠤᠳᠤᠮᠵᠢ ᠶᠢᠨ ᠬᠢᠨ | ︽ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ ᠴᠢᠭᠯᠡᠯ ᠢ ᠡᠵᠡᠮᠳᠡᠬᠦ᠂ ᠲᠣᠭᠲᠠᠴᠠ ᠶᠢᠨ ᠰᠢᠨ᠎ᠡ ᠶᠢ | ᠡᠭᠦᠳᠴᠦ ᠶᠠᠰᠤ ᠴᠢᠨᠠᠷ ᠢ ᠳᠡᠭᠡᠭᠰᠢᠯᠡᠭᠦᠯᠬᠦ᠂ ᠤᠯᠠᠨ ᠡᠰᠢᠵᠢᠬᠦᠯᠦᠨ ᠬᠠᠮᠲᠤᠪᠠᠷ ᠵᠠᠰᠠᠵᠤ ᠬᠠᠮᠲᠤᠷᠠᠯ ᠬᠦᠴᠦᠨ ᠢ | ᠬᠠᠮᠲᠤᠳᠬᠠᠬᠤ︾ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠪᠠᠶᠢᠷᠢᠰᠢᠯ ᠢ ᠠᠯᠬᠤᠮ ᠠᠯᠬᠤᠮ ᠢᠶᠠᠷ ᠪᠠᠶᠢᠭᠤᠯᠪᠠ᠃ | ᠳᠠᠷᠠᠭᠠᠴᠢ ᠶᠢᠨ ᠠᠯᠬᠤᠮ ᠳᠤ ︽ᠠᠷᠠᠳ ᠤᠨ ᠪᠠᠶᠢᠳᠠᠯ ᠤᠨ ᠤᠷᠤᠰᠬᠠᠯ ᠱᠤᠭᠤᠮ︾ ᠤᠨ ᠲᠦᠷᠦᠯ ᠵᠦᠢᠯ ᠢ | ᠦᠷᠭᠦᠯᠵᠢᠯᠡᠨ ᠭᠦᠨᠵᠡᠭᠡᠶᠢᠷᠡᠭᠦᠯᠵᠦ᠂ ︽ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ︾ ᠤᠨ ᠦᠢᠯᠡᠳᠦᠯᠭᠡ ᠶᠢᠨ | ᠰᠢᠨ᠎ᠡ ᠠᠷᠭ᠎ᠠ ᠵᠠᠮ ᠢ ᠰᠦᠪᠡᠭᠴᠢᠯᠡᠵᠦ᠂ ᠬᠠᠮᠲᠤᠪᠠᠷ ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠨᠡᠶᠢᠭᠡᠮ | ᠲᠣᠭᠤᠷᠢᠭ ᠤᠨ ᠵᠠᠰᠠᠯᠲᠠ ᠶᠢᠨ ᠬᠠᠮᠲᠤ ᠶᠢᠨ ᠴᠣᠭᠴᠠ ᠶᠢ ᠴᠢᠷᠮᠠᠶᠢᠨ ᠪᠠᠶᠢᠭᠤᠯᠵᠤ᠂ ᠬᠤᠳᠠ ᠶᠢᠨ ᠵᠠᠰᠠᠯᠲᠠ ᠶᠢᠨ | ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠳᠤ ᠰᠢᠨ᠎ᠡ ᠰᠣᠷᠭᠤᠭ ᠦᠯᠢᠭᠡᠷ ᠬᠡᠪ ᠬᠠᠩᠭᠠᠨ᠎ᠠ᠃ | | | |