ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠡᠩᠨᠡᠭᠡ ᠶᠢᠨ ᠲᠤᠰᠬᠠᠶ ᠮᠡᠷᠭᠡᠵᠢᠯ ᠤᠨ | ᠤᠷ᠎ᠠ ᠴᠢᠳᠠᠪᠤᠷᠢ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠬᠦ ᠶᠢᠨ ᠲᠥᠯᠥᠭᠡ᠂ 4 ᠰᠠᠷ᠎ᠠ ᠶᠢᠨ 1 ᠤ ᠡᠳᠦᠷ ᠤᠨ ᠦᠳᠡ ᠶᠢᠨ ᠡᠮᠦᠨ᠎ᠡ᠂ ᠴᠢᠩᠱᠠᠨ ᠲᠣᠭᠤᠷᠢᠭ ᠤᠨ | ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ ᠤᠨ ᠠᠯᠪᠠᠨ | ᠬᠡᠷ ᠠᠴᠠ ᠭᠤᠤᠯᠯᠠᠨ ᠡᠷᠭᠢᠯᠡᠵᠦ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠳᠣᠲᠣᠭᠠᠳᠤ ᠶᠢ | ᠬᠠᠮᠠᠭᠠᠯᠠᠬᠤ ᠬᠤᠪᠢᠶᠠᠷᠢ ᠲᠣᠪᠴᠢᠶ᠎ᠠ᠂ ᠠᠭᠤᠯᠠᠨ ᠣᠶ ᠶᠢᠨ ᠥᠷᠲᠡᠭᠡ᠂ ᠰᠢᠩ ᠱᠧᠩ ᠪᠠᠯᠭᠠᠰᠤ᠂ ᠴᠢᠩ ᠹᠦ᠋ ᠪᠠᠯᠭᠠᠰᠤ᠂ | ᠴᠢᠩᠱᠠᠨ ᠲᠣᠭᠤᠷᠢᠭ ᠤᠨ ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠠᠩᠭᠢ ᠵᠢᠴᠢ ᠡᠯ᠎ᠡ | ᠣᠶᠢᠵᠢᠭᠤᠯᠤᠯᠲᠠ ᠶᠢᠨ ᠠᠵᠤ ᠠᠬᠤᠶᠢᠯᠠᠯ ᠤᠨ ᠭᠠᠯ ᠤᠨᠲᠠᠷᠠᠭᠠᠬᠤ ᠠᠩᠭᠢ ᠵᠡᠷᠭᠡ ᠨᠢᠭᠡᠴᠢ ᠬᠠᠮᠲᠤ ᠪᠠᠷ | ᠣᠷᠣᠯᠴᠠᠭᠰᠠᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠪᠣᠳᠠᠲᠤ ᠪᠠᠶᠢᠯᠳᠤᠭᠠᠨ ᠤ | ᠰᠣᠷᠢᠯᠲᠠ ᠶᠢᠨ ᠠᠵᠢᠯᠯᠠᠭ᠎ᠠ ᠲᠡᠭᠦᠰ ᠠᠮᠵᠢᠯᠲᠠ ᠲᠠᠢ ᠥᠨᠳᠥᠷᠯᠡᠪᠡ᠃ | ᠲᠣᠰ ᠤᠳᠠᠭᠠᠨ ᠤ ᠰᠣᠷᠢᠯᠲᠠ ᠳᠤ ᠴᠢᠩᠱᠠᠨ ᠲᠣᠭᠤᠷᠢᠭ ᠤᠨ ᠱᠧ ᠯᠢᠩ ᠶᠣᠣᠽᠢ ᠶᠢᠨ ᠣᠶᠢᠷ᠎ᠠ ᠬᠠᠪᠢ ᠳᠤ | ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠡᠭᠦᠰᠴᠦ᠂ ᠡᠯ᠎ᠡ ᠭᠠᠯ ᠤᠨᠲᠠᠷᠠᠭᠠᠬᠤ ᠠᠩᠭᠢ ᠶᠢᠨ | ᠭᠡᠰᠢᠭᠦᠳ ᠦᠳᠲᠡᠷ ᠲᠦᠷᠭᠡᠨ ᠴᠤᠤᠷᠢᠶᠠᠲᠤᠨ ᠳᠠᠭᠠᠵᠤ᠂ ᠴᠤᠭᠯᠠᠷᠠᠵᠤ᠂ ᠲᠣᠭᠲᠠᠭᠰᠠᠨ ᠲᠥᠰᠦᠯ ᠢᠶᠠᠨ ᠴᠢᠩᠭ᠎ᠠ | ᠵᠢᠷᠤᠮᠯᠠᠨ ᠭᠠᠯ ᠤᠨᠲᠠᠷᠠᠭᠠᠬᠤ ᠠᠵᠢᠯᠯᠠᠭ᠎ᠠ ᠥᠷᠨᠢᠭᠦᠯᠪᠡ᠃ ᠭᠠᠯ ᠤᠨ ᠪᠠᠶᠢᠳᠠᠯ ᠤᠨ ᠮᠡᠳᠡᠭᠦᠯᠦᠯᠲᠡ᠂ ᠡᠮᠦᠨᠡᠬᠢ | ᠬᠤᠭᠤᠴᠠᠭᠠᠨ ᠤ ᠭᠠᠯ ᠤᠨ ᠪᠠᠶᠢᠳᠠᠯ ᠢ ᠰᠢᠢᠳᠪᠦᠷᠢᠯᠡᠬᠦ ᠠᠴᠠ ᠪᠡᠯᠡᠳᠬᠡᠯ ᠲᠥᠰᠦᠯ ᠢ ᠡᠬᠢᠯᠡᠭᠦᠯᠬᠦ ᠵᠡᠷᠭᠡ ᠭᠤᠭᠴᠤᠭ᠎ᠠ | ᠬᠦᠷᠲᠡᠯ᠎ᠡ ᠨᠢᠭᠲᠠ ᠬᠤᠯᠪᠣᠯᠳᠤᠵᠤ᠂ ᠡᠮᠬᠢ ᠴᠡᠭᠴᠡ ᠲᠠᠢ ᠠᠬᠢᠭᠤᠯᠪᠠ᠃ ᠪᠦᠬᠦ᠋ᠢᠯᠡ ᠰᠣᠷᠢᠯᠲᠠ ᠶᠢᠨ ᠶᠠᠪᠤᠴᠠ ᠨᠢ | ᠪᠠᠴᠢᠮ ᠪᠥᠭᠡᠳ ᠡᠮᠬᠢ ᠵᠢᠷᠤᠮ ᠲᠠᠢ ᠪᠠᠶᠢᠵᠤ᠂ ᠭᠡᠰᠢᠭᠦᠳ ᠰᠡᠳᠬᠢᠯ ᠰᠠᠨᠠᠭ᠎ᠠ ᠪᠠᠨ ᠣᠯᠣᠯᠴᠠᠵᠤ᠂ ᠪᠠᠴᠢᠮ ᠪᠠᠶᠢᠳᠠᠯ ᠢ | ᠠᠷᠭᠠᠴᠠᠬᠤ ᠴᠢᠳᠠᠪᠤᠷᠢ ᠶᠢᠨ ᠬᠠᠮᠲᠤᠷᠠᠭᠰᠠᠨ ᠪᠠᠶᠢᠯᠳᠤᠭᠠᠨ ᠤ ᠬᠢᠷᠢ ᠲᠦᠪᠰᠢᠨ ᠢ ᠭᠦᠢᠴᠡᠳ ᠢᠯᠡᠷᠡᠭᠦᠯᠪᠡ᠃ | ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠡᠯ᠎ᠡ ᠨᠢᠭᠡᠴᠢ ᠶᠢᠨ ᠣᠶ ᠰᠢᠭᠤᠶ ᠨᠤᠲᠤᠭ ᠪᠡᠯᠴᠢᠭᠡᠷ ᠤᠨ | ᠭᠠᠯ ᠰᠡᠷᠭᠡᠶᠢᠯᠡᠨ ᠤᠨᠲᠠᠷᠠᠭᠠᠬᠤ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠵᠤ᠂ | ᠭᠠᠯ ᠰᠡᠷᠭᠡᠶᠢᠯᠡᠨ ᠤᠨᠲᠠᠷᠠᠭᠠᠬᠤ ᠡᠩᠨᠡᠭᠡ ᠶᠢᠨ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠪᠠ ᠪᠣᠳᠠᠲᠤ | ᠪᠠᠶᠢᠯᠳᠤᠭᠠᠨ ᠤ ᠴᠢᠳᠠᠪᠤᠷᠢ ᠶᠢ ᠢᠯᠡᠳᠲᠡ ᠳᠡᠭᠡᠭᠰᠢᠯᠡᠭᠦᠯᠬᠦ ᠶᠢᠨ ᠬᠠᠮᠲᠤ ᠪᠠᠰᠠ ᠡᠯ᠎ᠡ ᠨᠢᠭᠡᠴᠢ ᠶᠢᠨ ᠬᠤᠭᠤᠷᠣᠨᠳᠣᠬᠢ | ᠬᠠᠮᠵᠢᠯᠴᠠᠭ᠎ᠠ ᠶᠢ ᠴᠢᠩᠭᠠᠳᠬᠠᠵᠤ᠂ ᠬᠤᠶᠢᠰᠢᠳᠠ ᠶᠢᠨ ᠴᠢᠩᠱᠠᠨ ᠲᠣᠭᠤᠷᠢᠭ ᠤᠨ ᠣᠶ ᠰᠢᠭᠤᠶ ᠨᠤᠲᠤᠭ ᠪᠡᠯᠴᠢᠭᠡᠷ ᠤᠨ | ᠭᠠᠯ ᠰᠡᠷᠭᠡᠶᠢᠯᠡᠨ ᠤᠨᠲᠠᠷᠠᠭᠠᠬᠤ ᠠᠵᠢᠯ ᠳᠤ ᠡᠷᠬᠢᠮ ᠨᠠᠨᠳᠢᠨ ᠲᠤᠷᠰᠢᠯᠭ᠎ᠠ ᠬᠤᠷᠠᠮᠳᠤᠭᠤᠯᠤᠭᠰᠠᠨ ᠪᠠᠶᠢᠨ᠎ᠠ᠃ | ᠴᠢᠩᠱᠠᠨ ᠲᠣᠭᠤᠷᠢᠭ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ | ᠵᠢᠯᠣᠭᠤᠳᠬᠤ ᠭᠠᠵᠠᠷ ᠤᠨ ᠠᠯᠪᠠᠨ ᠬᠡᠷ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ | ᠠᠵᠢᠯ ᠤᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ | ᠰᠣᠷᠢᠯᠲᠠ ᠶᠢ ᠵᠣᠬᠢᠶᠠᠨ ᠪᠠᠶᠢᠭᠤᠯᠵᠤ᠂ ᠭᠠᠯ ᠰᠡᠷᠭᠡᠶᠢᠯᠡᠨ ᠤᠨᠲᠠᠷᠠᠭᠠᠬᠤ ᠡᠩᠨᠡᠭᠡ ᠶᠢᠨ ᠪᠦᠬᠦᠯᠢ ᠴᠣᠭᠴᠠ ᠶᠢᠨ ᠬᠡᠪ | ᠴᠢᠨᠠᠷ ᠪᠠ ᠪᠣᠳᠠᠲᠤ ᠪᠠᠶᠢᠯᠳᠤᠭᠠᠨ ᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠥᠬᠡᠮᠳᠦᠭ ᠨᠣᠭᠤᠭᠠᠨ | ᠠᠭᠤᠯᠠ ᠤᠰᠤ ᠶᠢ ᠪᠥᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠵᠤ᠂ ᠰᠠᠭᠤᠭᠠᠯᠢ ᠠᠷᠠᠳ ᠲᠤ ᠠᠮᠤᠷ ᠲᠦᠪᠰᠢᠨ᠂ | ᠡᠶ᠎ᠡ ᠵᠣᠬᠢᠴᠠᠩᠭᠤᠶ᠂ ᠰᠠᠶᠢᠨ ᠰᠠᠶᠢᠬᠠᠨ ᠠᠮᠢ ᠠᠬᠤᠶ ᠶᠢᠨ ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ᠃ | | | | | | |