ᠰᠢᠨ᠎ᠡ ᠴᠠᠭ ᠦᠶ᠎ᠡ ᠶᠢᠨ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠠᠵᠢᠯ ᠢ ᠭᠦᠨᠵᠡᠭᠡᠶᠢᠷᠡᠭᠦᠯᠵᠦ᠂ | ᠤᠷᠠᠯᠢᠭ ᠢᠶᠠᠷ ᠴᠡᠷᠢᠭ ᠠᠷᠠᠳ ᠤᠨ ᠰᠡᠳᠬᠢᠯ ᠢ ᠬᠤᠯᠪᠣᠬᠤ ᠬᠥᠭᠦᠷᠭᠡ ᠶᠢ ᠪᠤᠰᠬᠠᠬᠤ ᠶᠢᠨ ᠲᠥᠯᠥᠭᠡ᠂ 3 ᠰᠠᠷ᠎ᠠ ᠶᠢᠨ | 30 ᠤ ᠡᠳᠦᠷ᠂ ᠴᠢᠩᠱᠠᠨ ᠲᠣᠭᠤᠷᠢᠭ ᠤᠨ ᠰᠣᠶᠣᠯ ᠤᠨ ᠣᠷᠳᠣᠨ ᠤᠳᠬ᠎ᠠ ᠤᠷᠠᠯᠢᠭ ᠤᠨ ᠭᠤᠣᠯᠯᠠᠭᠴᠢ ᠬᠦᠴᠦᠨ ᠢ | ᠵᠣᠬᠢᠶᠠᠨ ᠪᠠᠶᠢᠭᠤᠯᠵᠤ ᠲᠣᠭᠤᠷᠢᠭ ᠲᠤ ᠰᠠᠭᠤᠭ᠎ᠠ ᠨᠢᠭᠡᠨ ᠴᠡᠷᠢᠭ ᠠᠩᠭᠢ ᠳᠤ ᠬᠦᠷᠴᠦ᠂ ᠳᠠᠭᠤᠤ ᠬᠥᠭᠵᠢᠮ ᠢᠶᠠᠷ | ᠵᠠᠭᠤᠴᠢ ᠪᠣᠯᠭᠠᠨ ᠳᠠᠷᠤᠭ᠎ᠠ ᠪᠠᠶᠢᠯᠳᠤᠭᠴᠢᠳ ᠲᠤ ᠬᠠᠪᠤᠷ ᠤᠨ ᠬᠠᠯᠠᠭᠤᠨ ᠳᠤᠯᠠᠭᠠᠨ ᠪᠡᠯᠡᠭ ᠬᠦᠷᠭᠡᠪᠡ᠃ | ᠲᠣᠰ ᠤᠳᠠᠭᠠᠨ ᠤ ᠠᠵᠢᠯᠯᠠᠭ᠎ᠠ ᠶᠢ ᠴᠢᠩᠱᠠᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ | ᠲᠧᠯᠸᠢᠰ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠴᠢᠩᠱᠠᠨ ᠲᠣᠭᠤᠷᠢᠭ ᠤᠨ ᠰᠣᠶᠣᠯ ᠤᠨ ᠣᠷᠳᠣᠨ ᠪᠣᠳᠠᠲᠠᠶ | ᠳᠠᠭᠠᠭᠠᠴᠢᠯᠠᠨ ᠡᠷᠭᠢᠯᠡᠵᠦ᠂ ︽ᠠᠮᠠᠨ ᠬᠤᠭᠤᠷ ᠤᠨ ᠤᠷᠠᠯᠢᠭ ᠢ ᠲᠦᠭᠡᠮᠡᠯᠵᠢᠭᠦᠯᠬᠦ︾ ᠪᠠᠷ ᠣᠨᠴᠠᠯᠢᠭ ᠪᠣᠯᠭᠠᠨ ᠰᠤᠷᠭᠠᠨ | ᠬᠥᠮᠦᠵᠢᠯ ᠬᠦᠷᠭᠡᠬᠦ ᠠᠵᠢᠯᠯᠠᠭ᠎ᠠ ᠶᠢ ᠦᠷᠨᠢᠭᠦᠯᠪᠡ᠃ ᠡᠮᠦᠨ᠎ᠡ ᠬᠡᠳᠦᠨ ᠤᠳᠠᠭ᠎ᠠ ᠶᠢᠨ ᠰᠤᠷᠤᠯᠴᠠᠯᠭ᠎ᠠ ᠶᠢᠨ | ᠰᠠᠭᠤᠷᠢ ᠳᠡᠭᠡᠷ᠎ᠡ᠂ ᠪᠠᠭᠰᠢ ᠶᠢᠨ ᠨᠠᠷᠢᠨ ᠨᠢᠮᠪᠠᠢ ᠵᠢᠯᠤᠭᠤᠳᠤᠯᠭ᠎ᠠ ᠨᠢ᠂ ᠪᠠᠶᠢᠯᠳᠤᠭᠴᠢᠳ ᠢᠳᠡᠭ ᠢᠳᠡᠭ ᠢᠶᠠᠷ ᠨᠡᠯᠢᠶᠡᠳ | ᠪᠤᠳᠤᠯᠢᠶᠠᠨᠲᠠᠢ ᠬᠦᠭ ᠠᠶᠠᠰ ᠢ ᠬᠠᠩᠭᠢᠨᠠᠭᠤᠯᠵᠤ᠂ ᠤᠳᠠᠭ᠎ᠠ ᠪᠦᠷᠢ ᠶᠢᠨ ᠲᠠᠪᠰᠢᠯᠳᠠ ᠨᠢ ᠴᠥᠮ ᠳᠠᠷᠤᠭ᠎ᠠ | ᠪᠠᠶᠢᠯᠳᠤᠭᠴᠢᠳ ᠢ ᠪᠠᠶᠠᠷᠯᠠᠭᠤᠯᠪᠠ᠃ | ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ᠄ ︽ᠰᠣᠶᠣᠯ ᠤᠨ ᠣᠷᠳᠣᠨ ᠬᠦᠷᠭᠡᠵᠦ ᠢᠷᠡᠭᠰᠡᠨ ᠨᠢ ᠳᠠᠭᠤᠤ | ᠬᠥᠭᠵᠢᠮ ᠤᠨ ᠬᠢᠴᠢᠶᠡᠯ ᠪᠣᠯᠬᠤ ᠪᠠᠷ ᠪᠠᠷᠠᠬᠤ ᠥᠬᠡᠶ᠂ ᠨᠠᠩ ᠴᠤ ᠵᠣᠷᠢᠭ ᠰᠠᠨᠠᠭᠠᠨ ᠤ ᠬᠥᠮᠦᠵᠢᠯ ᠪᠣᠯᠤᠨ᠎ᠠ᠃ ᠳᠠᠷᠤᠭ᠎ᠠ | ᠪᠠᠶᠢᠯᠳᠤᠭᠴᠢᠳ ᠤᠷᠠᠯᠢᠭ ᠤᠨ ᠲᠠᠯ᠎ᠠ ᠪᠠᠷ ᠭᠤᠸ᠎ᠠ ᠰᠠᠶᠢᠬᠠᠨ ᠤ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠵᠦ᠂ | ᠬᠤᠶᠠᠳᠤᠭᠠᠷ ᠨᠤᠲᠤᠭ ᠤᠨ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠮᠡᠳᠡᠷᠡᠭᠰᠡᠨ︾ ᠪᠠᠶᠢᠨ᠎ᠠ ᠭᠡᠵᠦ ᠢᠯᠡᠷᠬᠡᠶᠢᠯᠡᠪᠡ᠃ | ᠴᠢᠩᠱᠠᠨ ᠲᠣᠭᠤᠷᠢᠭ ᠤᠨ ᠰᠣᠶᠣᠯ ᠤᠨ ᠣᠷᠳᠣᠨ ︽ᠰᠣᠶᠣᠯ ᠢᠶᠠᠷ ᠴᠡᠷᠢᠭ ᠢ ᠬᠦᠴᠦᠷᠬᠡᠭᠵᠢᠭᠦᠯᠬᠦ︾ ᠦᠢᠯᠡᠴᠢᠯᠡᠭᠡᠨ ᠤ | ᠲᠦᠷᠦᠯ ᠲᠡᠮᠳᠡᠭ ᠢ ᠦᠷᠭᠦᠯᠵᠢᠯᠡᠨ ᠡᠭᠦᠳᠴᠦ᠂ ᠵᠢᠯ ᠤᠨ ᠳᠣᠲᠣᠷ᠎ᠠ ᠪᠣᠳᠠᠰ ᠤᠨ ᠪᠤᠰᠤ ᠰᠣᠶᠣᠯ ᠤᠨ ᠥᠪ ᠢ | ᠴᠡᠷᠢᠭ ᠤᠨ ᠬᠤᠸᠠᠷᠠᠨ ᠳᠤ ᠣᠷᠣᠭᠤᠯᠬᠤ᠂ ᠤᠷᠠᠨ ᠪᠢᠴᠢᠯᠭᠡ ᠤᠷᠠᠨ ᠵᠢᠷᠤᠭ ᠢ ᠬᠠᠮᠲᠤᠷᠠᠨ ᠳᠡᠯᠭᠡᠨ ᠦᠵᠡᠭᠦᠯᠬᠦ ᠵᠡᠷᠭᠡ | ᠰᠢᠷᠢᠰ ᠬᠠᠮᠲᠤᠪᠠᠷ ᠪᠠᠶᠢᠭᠤᠯᠬᠤ ᠰᠢᠷᠢᠰ ᠠᠵᠢᠯᠯᠠᠭ᠎ᠠ ᠶᠢ ᠥᠷᠨᠢᠭᠦᠯᠬᠦ ᠪᠠᠷ ᠲᠥᠯᠥᠪᠯᠡᠵᠦ᠂ ᠰᠣᠶᠣᠯ ᠤᠨ ᠬᠦᠴᠦᠨ ᠢᠶᠠᠷ | ᠴᠡᠷᠢᠭ ᠠᠷᠠᠳ ᠤᠨ ᠬᠡᠷᠡᠭᠯᠡᠭᠡ ᠶᠢᠨ ᠠᠭᠤᠰᠤᠯᠴᠠᠯ ᠤᠨ ᠭᠦᠨᠵᠡᠭᠡᠢ ᠬᠥᠭᠵᠢᠯᠲᠡ ᠶᠢ ᠠᠬᠢᠭᠤᠯᠬᠤ ᠪᠣᠯᠤᠨ᠎ᠠ᠃ | | | | | | |